ᠵᠤᠬᠢᠶᠠᠭᠴᠢ:
ᠴᠠᠭ:2023-02-10
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠰᠦᠨ ᠱᠤᠤ ᠴᠧᠩ ᠬᠤᠷᠠᠯ ᠢ ᠡᠷᠭᠢᠯᠡᠵᠡᠢ
2023 2 ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 2023 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠪᠣᠯᠣᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠶᠢᠳᠠᠪᠤᠷᠢᠵᠢᠭᠤᠯᠬᠤ ᠠᠵᠢᠯ ᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ᠃
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠴᠢᠬᠤᠯᠠ ᠶᠠᠷᠢᠶ᠎ᠠ ᠨᠢ ᠬᠥᠮᠥᠰ ᠤᠨ ᠰᠡᠳᠬᠢᠯ ᠢ ᠵᠣᠷᠢᠭᠵᠢᠭᠤᠯᠵᠤ᠂ ᠡᠷᠴᠢ ᠵᠣᠷᠢᠭ ᠢ ᠬᠥᠪᠴᠢᠯᠡᠪᠡ᠃ ᠪᠢᠳᠡ 《ᠶᠡᠭᠡ ᠶᠣᠰᠣ ᠶᠢ ᠶᠠᠪᠤᠭᠤᠯᠬᠤ ᠪᠣᠯ ᠲᠤᠶᠢᠯ ᠤᠨ ᠲᠦᠭᠦᠮ ᠪᠠᠶᠢᠳᠠᠭ᠂ ᠪᠣᠳᠠᠲᠠᠢ ᠠᠵᠢᠯᠯᠠᠬᠤ ᠨᠢ ᠴᠢᠬᠤᠯᠠ ᠪᠠᠶᠢᠬᠤ》 ᠶᠣᠰᠣ ᠶᠢ ᠪᠠᠲᠤ ᠴᠡᠭᠡᠵᠢᠯᠡᠵᠦ᠂ ᠦᠨᠡᠨ ᠬᠦ ᠠᠳᠬᠤᠨ ᠪᠣᠳᠠᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠴᠢᠷᠮᠠᠶᠢᠨ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠭᠢᠯᠡᠯᠲᠡ ᠶᠢᠨ ᠵᠢᠯ ᠳᠤ ᠦᠨᠡᠨ ᠬᠦ ᠰᠢᠨ᠎ᠡ ᠠᠮᠵᠢᠯᠲᠠ ᠪᠦᠲᠦᠮᠵᠢ ᠭᠠᠷᠭᠠᠬᠤ ᠬᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠡᠬᠢᠯᠡᠮᠡᠭᠴᠡ ᠳᠠᠷᠤᠢ ᠰᠢᠢᠳᠪᠦᠷᠢᠲᠦ ᠳᠠᠶᠢᠯᠠᠯᠳᠤᠭᠠᠨ ᠬᠢᠬᠦ᠂ ᠡᠬᠢᠯᠡᠮᠡᠭᠴᠡ ᠳᠠᠷᠤᠢ ᠰᠢᠪᠲᠤᠯᠤᠯᠲᠠ ᠬᠢᠬᠦ ᠣᠪᠣᠷ ᠢᠶᠠᠷ᠂ ᠥᠷᠯᠥᠭᠡ ᠦᠳᠡᠰᠢ ᠶᠢ ᠲᠡᠮᠡᠴᠡᠨ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠲᠦᠷᠦᠭᠦᠦ ᠤᠯᠠᠷᠢᠯ ᠳᠤ 《ᠰᠠᠶᠢᠨ ᠡᠭᠢᠯᠡᠯᠲᠡ》 ᠶᠢ ᠪᠡᠶᠡᠯᠡᠭᠦᠯᠬᠦ ᠶᠢ ᠪᠠᠲᠤᠯᠠᠵᠤ᠂ ᠪᠦᠭᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠰᠠᠶᠢᠲᠤᠷ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠥᠪᠥᠷ ᠮᠣᠩᠭᠤᠯ ᠳᠤ ᠠᠪᠴᠤ ᠬᠡᠯᠡᠪᠡᠯ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠳᠤ ᠬᠠᠮᠤᠭ ᠤᠨ ᠴᠢᠬᠤᠯᠠ ᠨᠢ 《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠪᠣᠳᠠᠲᠤ ᠪᠠᠶᠢᠳᠠᠯ ᠳᠠᠭᠠᠨ ᠰᠠᠭᠤᠷᠢᠯᠠᠨ ᠠᠵᠤ ᠠᠬᠤᠢ ᠶᠢᠨ ᠪᠠᠶᠢᠷᠢᠰᠢᠯ ᠢᠶᠠᠨ ᠱᠠᠯᠠᠪᠳᠠᠨ ᠰᠢᠯᠢᠳᠡᠭᠵᠢᠭᠦᠯᠵᠦ᠂ ᠪᠦᠭᠦ ᠤᠯᠤᠰ ᠤᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠵᠦ᠂ ᠣᠷᠣᠨ ᠨᠤᠲᠤᠭ ᠤᠨ ᠬᠥᠭᠵᠢᠯᠲᠡ ᠶᠢ ᠠᠬᠢᠭᠤᠯᠬᠤ ᠶᠠᠪᠤᠳᠠᠯ ᠪᠣᠯᠣᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠩᠬᠠᠷᠤᠯ ᠪᠠ ᠬᠦᠴᠦᠨ ᠢᠶᠠᠨ ᠲᠥᠪᠯᠡᠷᠡᠭᠦᠯᠦᠨ 《ᠲᠠᠪᠤᠨ ᠶᠡᠭᠡ ᠡᠭᠦᠷᠭᠡ》 ᠶᠢ ᠰᠠᠶᠢᠲᠤᠷ ᠨᠠᠶᠢᠳᠠᠪᠤᠷᠢᠵᠢᠭᠤᠯᠵᠤ᠂ ᠡᠳᠦᠷ ᠪᠦᠷᠢ ᠵᠢᠳᠬᠦᠯ ᠴᠢᠷᠮᠠᠶᠢᠯᠭ᠎ᠠ ᠭᠠᠷᠭᠠᠵᠤ᠂ ᠣᠷᠳᠣ ᠬᠤᠭᠤᠴᠠᠭ᠎ᠠ ᠪᠠᠷ ᠪᠠᠷᠢᠮᠲᠠᠯᠠᠵᠤ᠂ ᠨᠠᠩ ᠣᠯᠠᠨ ᠦᠨᠡᠨ ᠪᠣᠳᠠᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠬᠠᠷᠢᠭᠤ ᠵᠠᠬᠢᠳᠠᠯ ᠪᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠣᠳᠠᠲᠠᠢ ᠲᠠᠢ ᠪᠠᠨ ᠤᠶᠠᠯᠳᠤᠭᠤᠯᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠲᠥᠯᠦᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠲᠥᠯᠦᠪᠵᠢᠭᠦᠯᠭᠡ ᠪᠣᠯᠣᠨ 2023 ᠣᠨ ᠤ ᠬᠠᠤᠯᠢ ᠲᠣᠭᠲᠠᠭᠠᠬᠤ ᠲᠥᠯᠥᠪᠯᠡᠭᠡ ᠶᠢ ᠰᠤᠳᠤᠯᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃