ᠵᠤᠬᠢᠶᠠᠭᠴᠢ:
ᠴᠠᠭ:2023-02-10
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠮᠠᠨ ᠤ ᠣᠷᠣᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ ᠪᠣᠶ
ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠷᠣᠨ ᠤ ᠳᠣᠲᠣᠷᠠᠬᠢ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠳᠠᠷᠤᠭᠠᠰᠤ ᠶᠢ ᠤᠯᠠᠮ ᠨᠢᠭᠡ ᠠᠯᠬᠤᠮ ᠲᠡᠩᠴᠡᠭᠦᠷᠢᠰᠢᠭᠦᠯᠵᠦ᠂ ᠰᠠᠭᠤᠷᠢ ᠮᠥᠩᠭᠦ ᠶᠢᠨ ᠬᠠᠷᠢᠯᠴᠠᠨ ᠬᠠᠪᠰᠤᠷᠤᠯᠴᠠᠵᠤ ᠬᠠᠮᠲᠤ ᠪᠠᠷ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠠᠵᠢᠯ ᠠᠯᠳᠠᠯᠲᠠ ᠶᠢᠨ ᠳᠠᠭᠠᠳᠬᠠᠯ ᠤᠨ《ᠠᠮᠢᠳᠤᠷᠠᠯ ᠢ ᠪᠠᠲᠤᠯᠠᠬᠤ᠂ ᠠᠵᠢᠯ ᠠᠯᠳᠠᠬᠤ ᠶᠢ ᠰᠡᠷᠭᠡᠶᠢᠯᠡᠬᠦ᠂ ᠠᠵᠢᠯ ᠣᠯᠭᠤᠯᠲᠠ ᠶᠢ ᠠᠬᠢᠭᠤᠯᠬᠤ》ᠴᠢᠳᠠᠮᠵᠢ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ ᠪᠣᠢ᠃
ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠨᠢᠭᠡᠳᠦᠯᠲᠡᠶ ᠲᠥᠯᠥᠪᠯᠡᠬᠦ ᠳᠡᠰ ᠳᠠᠪᠬᠤᠷᠭ᠎ᠠ ᠶᠢ ᠳᠡᠭᠡᠭᠰᠢᠯᠡᠭᠦᠯᠵᠦ᠂ ᠰᠠᠭᠤᠷᠢ ᠮᠥᠩᠭᠦᠨ ᠤ ᠪᠠᠲᠤᠯᠠᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ ᠠᠵᠢᠯ ᠠᠯᠳᠠᠯᠲᠠ ᠶᠢᠨ ᠳᠠᠭᠠᠳᠬᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 2021 ᠣᠨ ᠤ 11 ᠰᠠᠷ᠎ᠠ ᠳᠤ ᠮᠠᠨ ᠤ ᠣᠷᠣᠨ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠠᠵᠢᠯ ᠢ ᠵᠢᠩᠬᠢᠨᠢ ᠪᠠᠷ ᠡᠬᠢᠯᠡᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠬᠠᠮᠵᠢᠯᠴᠠᠵᠤ᠂ ᠢᠳᠡᠪᠬᠢᠲᠡᠶ ᠠᠬᠢᠭᠤᠯᠤᠨ᠂ 《ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ》《︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠡᠷᠬᠢᠯᠡᠨ ᠬᠢᠬᠦ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》ᠵᠡᠷᠭᠡ ᠶᠢ ᠤᠷᠢᠳ ᠬᠤᠵᠢᠳ ᠲᠠᠷᠬᠠᠭᠠᠨ᠂ ᠮᠡᠳᠡᠭᠡ ᠵᠠᠩᠭᠢ ᠶᠢᠨ ᠰᠢᠰᠲ᠋ᠧᠮ ᠤᠨ ᠨᠢᠭᠡᠳᠦᠯᠲᠡᠶ ᠬᠠᠷᠭᠤᠭᠤᠯᠵᠤ ᠨᠢᠭᠡᠳᠦᠯᠲᠡᠶ ᠲᠠᠲᠠᠪᠤᠷᠢᠯᠠᠬᠤ᠂ ᠬᠠᠷᠠᠭᠠᠯᠵᠠᠯ ᠣᠯᠭᠤᠬᠤ ᠵᠡᠷᠭᠡ ᠴᠢᠳᠠᠮᠵᠢ ᠶᠢ ᠲᠡᠭᠦᠯᠳᠡᠷᠵᠢᠭᠦᠯᠵᠦ᠂ ᠰᠢᠰᠲ᠋ᠧᠮ ᠪᠠ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠲᠥᠪᠯᠡᠷᠡᠭᠦᠯᠬᠦ ᠪᠠ ᠵᠣᠯᠭᠠᠭᠤᠯᠬᠤ ᠶᠢ ᠪᠡᠶᠡᠯᠡᠭᠦᠯᠪᠡ᠃
ᠣᠶᠢᠯᠠᠭᠠᠭᠰᠠᠨ ᠢᠶᠠᠷ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠬᠡᠷᠡᠭᠵᠢᠭᠦᠯᠵᠦ᠂ ᠪᠥᠬᠦ ᠣᠷᠣᠨ ᠳᠤ ᠠᠵᠢᠯ ᠠᠯᠳᠠᠯᠲᠠ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ᠂ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ᠂ ᠲᠥᠰᠦᠪ ᠤᠨ ᠬᠠᠮᠢᠶᠠᠷᠤᠯᠲᠠ᠂ ᠬᠠᠷᠢᠭᠤᠴᠠᠯᠭ᠎ᠠ ᠶᠢ ᠬᠤᠪᠢᠶᠠᠨ ᠡᠭᠦᠷᠭᠡᠯᠡᠬᠦ ᠲᠣᠭᠲᠠᠴᠠ᠂ ᠮᠡᠳᠡᠭᠡ ᠵᠠᠩᠭᠢ ᠶᠢᠨ ᠰᠢᠰᠲ᠋ᠧᠮ᠂ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠬᠠᠮᠢᠶᠠᠷᠤᠯᠲᠠ᠂ ᠤᠷᠮᠠᠰᠢᠭᠤᠯᠬᠤ ᠪᠠ ᠬᠢᠵᠠᠭᠠᠷᠯᠠᠬᠤ ᠲᠣᠭᠲᠠᠴᠠ ᠵᠡᠷᠭᠡ ᠲᠠᠯ᠎ᠠ ᠪᠠᠷ ᠪᠥᠬᠦ ᠣᠷᠣᠨ ᠳᠤ ᠵᠢᠷᠤᠮᠵᠢᠯ ᠲᠠᠢ ᠪᠥᠭᠡᠳ ᠨᠢᠭᠡᠳᠦᠯᠲᠡᠶ ᠪᠣᠯᠭᠠᠵᠠᠢ᠃