ᠵᠤᠬᠢᠶᠠᠭᠴᠢ:
ᠴᠠᠭ:2023-02-17
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠬᠤᠷᠠᠯᠳᠤᠪᠠ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
2022 2 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠬᠤᠷᠠᠯᠳᠤᠪᠠ᠃
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 73 ᠪᠦᠷᠢᠯᠳᠦᠭᠦᠨ ᠲᠠᠢ᠂ 68 ᠬᠥᠮᠥᠨ ᠲᠣᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ᠂ ᠳᠡᠳ᠋ ᠡᠷᠭᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠢ ᠯᠢ ᠬᠤᠸᠠ᠂ ᠯᠢ ᠪᠢᠩ ᠷᠦᠩ᠂ ᠦ᠋ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠭᠡᠰᠢᠭᠦᠳ ᠬᠤᠷᠠᠯ ᠳᠤ ᠣᠷᠣᠯᠴᠠᠵᠠᠢ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠭᠢᠯᠡᠭᠴᠢ ᠯᠢᠦ ᠱᠤᠸᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠶᠦᠩ ᠵᠢᠶᠦ᠋ᠨ ᠬᠤᠷᠠᠯ ᠳᠤ ᠰᠤᠯᠠ ᠣᠷᠣᠯᠴᠠᠪᠠ᠃
ᠬᠤᠷᠠᠯ ᠤᠨ ᠵᠥᠪᠯᠡᠭᠦ ᠵᠦᠢᠯᠡᠰ ᠢ ᠪᠠᠲᠤᠯᠠᠭᠰᠠᠨ ᠤ ᠲᠠᠷᠠᠭ᠎ᠠ᠂ ᠬᠤᠷᠠᠯ ᠠᠴᠠ ᠬᠤᠸᠠᠩ ᡁᠢ ᠴᠢᠶᠠᠩ᠂ ᠯᠢᠦ ᠱᠤᠸᠠᠩ ᠤᠨ ᠬᠢᠭᠰᠡᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠲᠤᠰ ᠲᠤᠰ ᠰᠣᠨᠣᠰᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2023 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠪᠠ᠃
ᠰᠦᠨ ᠱᠤᠤ ᠴᠧᠩ ᠵᠧᠩ ᠭᠤᠸᠠᠩ ᠵᠤᠤ᠂ ᠶᠠᠩ ᠵᠢᠶᠧ᠂ ᠰᠦᠨ ᠵᠢᠶᠦ᠋ᠨ ᠴᠢᠩ᠂ ᠵᠧᠩ ᠳ᠋ᠦᠩ ᠪᠦᠸᠧ᠂ ᠭᠦᠩ ᠮᠢᠩ ᠵᠦ᠂ ᠬᠤᠸᠠᠩ ᠶᠠ ᠯᠢ᠂ ᠸᠠᠩ ᠶᠢᠨ ᠪᠦᠦ᠂ ᠭᠤᠤ ᠵᠠᠨ ᠱᠧᠩ᠂ ᠵᠢᠶᠠᠩ ᠬᠤᠩ᠂ ᠪᠠᠢ ᠶᠦᠩ ᠫᠢᠩ᠂ ᠵᠢᠦᠢ ᠱᠾᠢ ᠸᠧᠨ᠂ ᠵᠠᠢ ᠶᠢᠩ ᠵᠢᠶᠦ᠋ᠨ᠂ ᠵᠤᠤ ᠳ᠋ᠠ ᠶᠦᠩ᠂ ᠭᠦᠸᠧ ᠢᠦᠢ ᠹᠧᠩ᠂ ᠭᠤᠤ ᠱᠢ ᠴᠢᠨ᠂ ᠱᠸᠡᠭ ᠰᠢᠶᠣᠣ ᠶᠢᠦ᠂ ᠭᠦᠸᠧ ᠵᠠᠨ ᠵᠢᠶᠠᠩ᠂ ᠵᠠᠩ ᠬᠤᠩ ᠹᠦ᠋᠂ ᠴᠢᠨ ᠶᠠᠨ᠂ ᠯᠢ ᠴᠠᠩ ᠵᠢᠶᠠᠩ᠂ ᠴᠠᠩ ᡁᠢ ᠭᠠᠩ᠂ ᠾᠥᠸᠧ ᠵᠤᠤ ᠯᠢᠶᠠᠩ᠂ ᠴᠧᠨ ᠵᠢᠢ ᠴᠢᠩ᠂ ᠫᠠᠨ ᠶᠦᠩ᠂ ᠶᠦᠨ ᠴᠦᠨ ᠱᠧᠩ᠂ ᠺᠠᠩ ᠰᠢᠤᠸᠠᠢ ᠳ᠋ᠦᠩ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃
ᠬᠤᠷᠠᠯ ᠠᠴᠠ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠨᠥᠬᠦᠳ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ᠂ 《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠯᠭᠠᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠠᠵᠢᠯ ᠢᠶᠠᠨ ᠰᠠᠶᠢᠲᠤᠷ ᠬᠢᠬᠦ ᠶᠡᠷᠦᠩᠬᠡᠢ ᠬᠥᠲᠥᠯᠪᠦᠷᠢ᠂ ᠶᠡᠷᠦᠩᠬᠡᠢ ᠵᠢᠷᠤᠮᠯᠠᠯ᠂ ᠶᠡᠷᠦᠩᠬᠡᠢ ᠵᠢᠯᠣᠭᠤᠳᠤᠯᠭ᠎ᠠ ᠪᠤᠯᠭᠠᠵᠤ᠂ ᠶᠡᠭᠡ ᠲᠠᠯ᠎ᠠ ᠶᠢᠨ ᠦᠵᠡᠯᠲᠡ ᠪᠠ 《ᠬᠥᠯᠭᠡ ᠰᠢᠲᠠᠷ᠎ᠠ ᠮᠡᠲᠦ ᠪᠠᠢᠬᠤ》ᠦᠵᠡᠯ ᠰᠠᠨᠠᠭ᠎ᠠ ᠶᠢ ᠪᠠᠲᠤ ᠪᠤᠶ ᠪᠤᠯᠭᠠᠵᠤ᠂ ᠤᠬᠠᠮᠰᠠᠷ ᠠᠴᠠ ᠪᠠᠨ ᠡᠯ᠎ᠡ ᠵᠦᠢᠯ ᠤᠨ ᠠᠵᠢᠯ ᠢᠶᠠᠨ《ᠲᠠᠪᠤᠨ ᠶᠡᠭᠡ ᠡᠭᠦᠷᠭᠡ》 ᠶᠢ ᠴᠢᠷᠮᠠᠶᠢᠨ ᠪᠡᠶᠡᠯᠡᠭᠦᠯᠬᠦ᠂ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠲᠠᠯᠪᠢᠵᠤ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭᠠᠲᠤ ᠤᠬᠠᠮᠰᠠᠷ᠂ ᠲᠠᠩᠰᠠ ᠮᠡᠳᠡᠭᠦᠯᠭᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠴᠠᠭ ᠮᠥᠴᠡ ᠲᠠᠢ ᠤᠷᠤᠯᠳᠤᠵᠤ᠂ ᠥᠷᠯᠥᠭᠡ ᠦᠳᠡᠰᠢ ᠲᠠᠢ ᠲᠡᠮᠡᠴᠡᠬᠦ ᠡᠷᠴᠢ ᠵᠣᠷᠢᠭ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠵᠢᠯ ᠤᠨ《ᠪᠤᠤᠬᠢᠶ᠎ᠠ》ᠵᠠᠯᠭᠠᠮᠵᠢᠯᠠᠨ ᠠᠪᠴᠤ᠂ ᠠᠵᠢᠯ ᠦᠢᠯᠡᠰ ᠤᠨ ᠬᠥᠭᠵᠢᠯᠲᠡ ᠶᠢᠨ《ᠪᠤᠤᠬᠢᠶ᠎ᠠ ᠤᠷᠤᠯᠳᠤᠭᠠᠨ 》 ᠳᠤ ᠰᠠᠶᠢᠲᠤᠷ ᠭᠦᠶᠦᠭᠦ ᠬᠡᠷᠡᠭᠲᠡᠢ᠃ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠯᠢᠪᠠ ᠠᠵᠢᠯ ᠢ ᠲᠥᠯᠥᠪᠵᠢᠭᠦᠯᠦᠨ ᠥᠷᠨᠢᠭᠦᠯᠬᠦ ᠳᠤ ᠴᠥᠮ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠦᠨᠡᠨ ᠬᠦ ᠪᠠᠲᠤ ᠡᠵᠡᠮᠳᠡᠬᠦ ᠬᠡᠷᠡᠭᠲᠡᠢ᠃ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠢᠯᠠᠩᠭᠤᠶ᠎ᠠ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠬᠠᠤᠯᠢ ᠲᠣᠭᠲᠠᠭᠠᠬᠤ ᠠᠯᠬᠤᠭ᠎ᠠ ᠪᠠᠨ ᠲᠦᠷᠭᠡᠳᠬᠡᠵᠦ᠂ ᠨᠢᠭᠡ ᠪᠦᠯᠦᠭ 《ᠵᠢᠵᠢᠭ ᠬᠡᠷᠴᠢᠯᠡᠭᠡᠰᠦ》᠂ ᠨᠠᠷᠢᠯᠢᠭᠵᠢᠭᠰᠠᠨ᠂ ᠥᠪᠡᠷᠮᠢᠴᠡ ᠣᠨᠴᠠᠯᠢᠭ ᠲᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠦᠷᠭᠡᠬᠡᠨ ᠲᠣᠭᠲᠠᠭᠠᠵᠤ᠂ ᠴᠢᠨᠠᠷ ᠰᠠᠶᠢᠲᠠᠢ ᠬᠠᠤᠯᠢ ᠲᠣᠭᠲᠠᠭᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠬᠠᠳᠠᠨ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠵᠣᠷᠢᠭᠲᠠᠢ ᠪᠠᠷ ᠴᠢᠷᠠᠢ ᠪᠠᠨ ᠪᠠᠷᠤᠶᠢᠯᠭᠠᠨ ᠬᠢᠨᠠᠯᠲᠠ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠩᠭ᠎ᠠ ᠬᠢᠨᠠᠯᠲᠠ ᠲᠠᠯᠪᠢᠬᠤ ᠳᠦᠷᠢ ᠲᠥᠷᠬᠦ ᠶᠢ ᠱᠤᠭᠤᠵᠤ᠂ ᠬᠠᠤᠯᠢ ᠴᠠᠭᠠᠵᠠ ᠶᠢᠨ ᠡᠷᠬᠡ ᠰᠦᠷ ᠢ ᠪᠤᠢ ᠪᠤᠯᠭᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃