ᠵᠤᠬᠢᠶᠠᠭᠴᠢ:
ᠴᠠᠭ:2023-02-17
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠠᠰᠢᠭᠯᠠᠯᠲᠠ ᠳᠤ ᠣᠷᠣᠪᠠ ᠫᠠᠶᠢᠰᠠ ᠶᠢ ᠰᠡᠬᠦᠵᠡᠢ
2022 2 ᠰᠠᠷ᠎ᠠ ᠶᠢᠨ 14 ᠤ ᠡᠳᠦᠷ ᠂ ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠵᠢᠩᠬᠢᠨᠢ ᠪᠠᠷ ᠠᠰᠢᠭᠯᠠᠯᠲᠠ ᠳᠤ ᠣᠷᠣᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠣᠯᠣᠨ ᠪᠡᠭᠡᠵᠢᠩ ᠶᠡᠭᠡ ᠰᠤᠷᠭᠠᠭᠤᠯᠢ ᠶᠢᠨ ᠪᠠᠶᠢᠩᠭᠤ ᠶᠢᠨ ᠳᠡᠳ᠋ ᠵᠠᠬᠢᠷᠤᠯ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠴᠢᠶᠣᠤ ᠵᠢᠶᠧ ᠬᠠᠮᠲᠤ ᠪᠠᠷ ᠡᠮᠨᠡᠯᠭᠡ ᠶᠢᠨ ᠬᠤᠷᠢᠶ᠎ᠠ ᠶᠢᠨ ᠫᠠᠶᠢᠰᠠ ᠶᠢ ᠰᠡᠬᠦᠪᠡ ᠃
ᠪᠡᠭᠡᠵᠢᠩ ᠶᠡᠭᠡ ᠰᠤᠷᠭᠠᠭᠤᠯᠢ ᠶᠢᠨ ᠬᠠᠪᠤᠳᠠᠷ ᠤᠨ ᠡᠮᠨᠡᠯᠭᠡ ᠶᠢᠨ ᠬᠤᠷᠢᠶ᠎ᠠ ᠶᠢᠨ ᠥᠪᠥᠷ ᠮᠣᠩᠭᠤᠯ ᠤᠨ ᠡᠮᠨᠡᠯᠭᠡ ᠶᠢᠨ ᠬᠤᠷᠢᠶ᠎ᠠ ᠪᠣᠯ ᠮᠠᠨ ᠤ ᠣᠷᠣᠨ ᠤ ᠠᠩᠬᠠᠳᠠᠭᠴᠢ ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠭᠤᠣᠯᠳᠠᠯᠭ᠎ᠠ ᠲᠠᠢ ᠲᠦᠷᠦᠯ ᠵᠦᠢᠯ ᠪᠠᠶᠢᠵᠤ ᠂ ᠪᠦᠲᠦᠭᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ ᠥᠪᠥᠷ ᠮᠣᠩᠭᠤᠯ ᠳᠤ ᠰᠠᠭᠤᠷᠢᠯᠠᠭᠰᠠᠨ ᠂ ᠳᠤᠮᠳᠠ ᠪᠠᠷᠠᠭᠤᠨ ᠣᠷᠣᠨ ᠳᠤ ᠦᠢᠯᠡᠴᠢᠯᠡᠬᠦ ᠂ ᠤᠷᠤᠰ ᠮᠣᠩᠭᠤᠯ ᠢ ᠬᠠᠮᠤᠷᠤᠭᠰᠠᠨ ᠬᠠᠪᠤᠳᠠᠷ ᠢ ᠰᠡᠷᠭᠡᠶᠢᠯᠡᠨ ᠵᠠᠰᠠᠬᠤ ᠲᠥᠪ ᠪᠤᠯᠬᠤ ᠶᠤᠮ ᠃ ᠲᠣᠰ ᠲᠥᠷᠥᠯ ᠵᠦᠢᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠡᠮᠴᠢ ᠰᠤᠪᠢᠯᠠᠭᠴᠢ ᠶᠢᠨ ᠲᠤᠰᠬᠠᠢ ᠮᠡᠷᠭᠡᠵᠢᠯᠲᠡᠨ ᠢ ᠣᠷᠣᠭᠤᠯᠤᠨ ᠠᠪᠴᠢᠷᠠᠵᠤ ᠂ ᠲᠡᠷᠢᠭᠦᠨ ᠤ ᠣᠶᠢᠯᠠᠭᠠᠭᠳᠠᠬᠤᠨ ᠪᠦᠬᠦᠢ ᠬᠠᠮᠢᠶᠠᠷᠤᠯᠲᠠ ᠶᠢᠨ ᠪᠦᠯᠭᠦᠮ ᠢ ᠪᠠᠶᠢᠭᠤᠯᠵᠤ ᠂ ᠪᠣᠯᠪᠠᠰᠤᠷᠠᠩᠭᠤᠢ ᠥᠨᠳᠥᠷ ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠠᠶᠢᠭᠤᠯᠵᠤ ᠂ ᠣᠷᠣᠨ ᠪᠦᠰᠡ ᠶᠢᠨ ᠳᠣᠲᠣᠭᠠᠳᠤ ᠳᠤ ᠬᠠᠪᠤᠳᠠᠷ ᠢ ᠰᠡᠷᠭᠡᠶᠢᠯᠡᠨ ᠵᠠᠰᠠᠬᠤ ᠡᠮᠴᠢᠯᠡᠭᠡᠨ ᠤ ᠬᠤᠯᠪᠣᠭᠠᠲᠤ ᠴᠣᠭᠴᠠ ᠂ ᠨᠢᠭᠲᠠᠷᠠᠭᠰᠠᠨ ᠭᠡᠯᠪᠡᠷᠢ ᠶᠢᠨ ᠬᠤᠲᠠ ᠶᠢᠨ ᠡᠮᠴᠢᠯᠡᠭᠡᠨ ᠤ ᠪᠦᠯᠦᠭᠯᠡᠯ ᠢ ᠲᠦᠷᠦᠭᠦᠯᠡᠨ ᠵᠣᠬᠢᠶᠠᠨ ᠪᠠᠶᠢᠭᠤᠯᠵᠤ ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠴᠢᠨᠠᠷ ᠰᠠᠶᠢᠲᠠᠢ ᠡᠮᠴᠢᠯᠡᠭᠡ ᠡᠷᠡᠭᠦᠯ ᠮᠡᠨᠳᠦ ᠶᠢᠨ ᠦᠢᠯᠡᠴᠢᠯᠡᠭᠡ ᠬᠦᠷᠲᠡᠭᠡᠬᠦ ᠪᠣᠯᠣᠨ᠎ᠠ ᠃
ᠪᠦᠦ ᠰᠢᠶᠠᠨ ᠬᠤᠸᠠ ᠣᠷᠣᠯᠴᠠᠵᠠᠢ ᠃