ᠵᠤᠬᠢᠶᠠᠭᠴᠢ:
ᠴᠠᠭ:2023-02-17
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠪᠥᠬᠦ ᠣᠷᠣᠨ ᠤ ᠨᠡᠭᠡᠭᠡᠯᠲᠡ ᠶᠢᠨ ᠲᠣᠭᠤᠷᠢᠭ ᠤᠨ ᠵᠥᠪᠰᠢᠶᠡᠷᠡᠭᠦᠯᠬᠦ ᠪᠠᠷ ᠪᠠᠶᠢᠭ᠎ᠠ 127 ᠲᠥᠷᠥᠯ ᠵᠦᠢᠯ ᠢ ᠪᠦᠬᠦᠨ ᠢ ᠭᠦᠢᠴᠡᠳᠬᠡᠵᠦ ᠳᠠᠭᠤᠰᠬᠠᠪᠠ
ᠣᠶᠢᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠲᠣᠭᠤᠷᠢᠭ ᠤᠨ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ ᠂ ᠡᠯ᠎ᠡ ᠠᠶᠢᠮᠠᠭ ᠬᠤᠲᠠ ᠶᠢᠨ ᠬᠢᠨ ᠴᠠᠭ ᠤᠨ ᠬᠢᠵᠠᠭᠠᠷ ᠤᠨ ᠱᠠᠭᠠᠷᠳᠠᠯᠭ᠎ᠠ ᠶᠣᠰᠣᠭᠠᠷ ᠥᠪᠡᠷ ᠢᠶᠠᠨ ᠪᠠᠶᠢᠴᠠᠭᠠᠵᠤ ᠣᠶᠢᠯᠠᠭᠠᠨ ᠲᠣᠳᠣᠯᠠᠭᠰᠠᠨ ᠪᠠᠶᠢᠳᠠᠯ ᠢᠶᠠᠨ ᠳᠡᠭᠡᠭᠰᠢ ᠮᠡᠳᠡᠭᠦᠯᠵᠦ ᠂ ᠨᠠᠶᠢᠳᠠᠪᠤᠷᠢᠵᠢᠭᠤᠯᠬᠤ ᠲᠥᠰᠥᠯ ᠲᠣᠭᠲᠠᠭᠠᠨ ᠂ ᠴᠡᠭᠴᠡᠯᠡᠨ ᠵᠠᠰᠠᠬᠤ ᠡᠬᠡ ᠲᠠᠩᠰᠠ ᠪᠠᠶᠢᠭᠤᠯᠵᠤ ᠂ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠠᠬᠢᠭᠤᠯᠪᠠ᠃ ᠣᠳᠣᠬᠠᠨ ᠳᠤ ᠂ ᠡᠯ᠎ᠡ ᠵᠦᠢᠯ ᠤᠨ ᠠᠵᠢᠯᠱᠠᠲᠦ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠣᠭᠰᠠᠨ ᠪᠠᠶᠢᠨ᠎ᠠ ᠃ ᠪᠥᠬᠦ ᠣᠷᠣᠨ ᠤ ᠨᠡᠭᠡᠭᠡᠯᠲᠡ ᠶᠢᠨ ᠲᠣᠭᠤᠷᠢᠭ ᠤᠳ ᠨᠢᠭᠡᠨᠲᠡ 16368.8 ᠲᠦᠮᠡᠨ ᠲᠥᠭᠦᠷᠢᠭ ᠤᠨ ᠳᠠᠷᠤᠭᠳᠠᠮᠠᠯ ᠪᠡᠯᠡ ᠮᠥᠩᠭᠦ ᠶᠢ ᠳᠡᠭᠡᠭᠰᠢ ᠲᠤᠰᠢᠶᠠᠵᠤ ᠂ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠭᠥᠯᠢᠶᠡᠨ ᠠᠪᠤᠭᠰᠠᠨ ᠪᠣᠯᠪᠠᠴᠦ ᠭᠦᠢᠴᠡᠳᠬᠡᠭᠡ ᠦᠭᠡᠢ 127 ᠨᠡᠭᠡᠭᠡᠯᠲᠡ ᠶᠢᠨ ᠲᠣᠭᠤᠷᠢᠭ ᠤᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠪᠦᠬᠦᠨ ᠢ ᠭᠦᠢᠴᠡᠳᠬᠡᠵᠦ ᠳᠠᠭᠤᠰᠬᠠᠭᠠᠳ ᠂ ᠪᠤᠰᠤᠳ ᠡᠯ᠎ᠡ ᠵᠦᠢᠯ ᠤᠨ ᠠᠵᠢᠯ ᠴᠦ ᠢᠳᠡᠪᠬᠢᠲᠡᠢ ᠠᠬᠢᠴᠠ ᠲᠠᠢ ᠪᠣᠯᠵᠠᠢ ᠃
ᠣᠶᠢᠯᠠᠭᠠᠭᠰᠠᠨ ᠢᠶᠠᠷ ᠂ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠶᠢᠨ ᠲᠠᠯ᠎ᠠ ᠪᠠᠷ ᠂ ᠪᠥᠬᠦ ᠣᠷᠣᠨ ᠳᠤ ᠨᠢᠭᠡᠨᠲᠡ 157 ᠪᠦᠯᠦᠭ ᠨᠡᠶᠢᠲᠡ 869 ᠾᠧᠺᠲ᠋ᠠᠷ ᠭᠠᠵᠠᠷ ᠢ ᠴᠡᠭᠴᠡᠯᠡᠨ ᠵᠠᠰᠠᠵᠤ ᠂ ᠭᠠᠵᠠᠷ ᠰᠢᠷᠣᠢ ᠶᠢ ᠭᠦᠢᠯᠭᠡᠭᠡᠨ ᠳᠤ ᠣᠷᠣᠭᠤᠯᠤᠭᠰᠠᠨ ᠨᠣᠷᠮ᠎ᠠ ᠨᠢ 94.6% ᠳᠤ ᠬᠦᠷᠴᠡᠢ ᠃ ᠦᠢᠯᠡᠳᠪᠦᠷᠢᠯᠡᠯ ᠨᠢ ᠵᠣᠭᠰᠣᠭᠰᠠᠨ ᠠᠵᠤ ᠠᠬᠤᠶᠢᠯᠠᠯ ᠤᠨ ᠲᠠᠯ᠎ᠠ ᠪᠠᠷ ᠂ ᠤᠷᠲᠤ ᠬᠤᠭᠤᠴᠠᠭ᠎ᠠ ᠪᠠᠷ ᠦᠢᠯᠡᠳᠪᠦᠷᠢᠯᠡᠯ ᠨᠢ ᠵᠣᠭᠰᠣᠭᠰᠠᠨ 98 ᠠᠵᠤ ᠠᠬᠤᠶᠢᠯᠠᠯ ᠪᠠ 56《ᠥᠯᠥᠭ ᠠᠵᠤ ᠠᠬᠤᠶᠢᠯᠠᠯ》 ᠢ ᠴᠡᠭᠴᠡᠯᠡᠨ ᠵᠠᠰᠠᠵᠤ ᠂ ᠨᠡᠶᠢᠲᠡ 1313.2 ᠾᠧᠺᠲ᠋ᠠᠷ ᠭᠠᠵᠠᠷ ᠰᠢᠷᠣᠢ ᠶᠢ ᠭᠦᠢᠯᠭᠡᠭᠡᠨ ᠲᠠᠢ ᠪᠣᠯᠭᠠᠪᠠ ᠃ ᠪᠠᠷᠢᠯᠭ᠎ᠠ ᠶᠢᠨ ᠠᠵᠢᠯ ᠨᠢ ᠵᠣᠭᠰᠣᠭᠰᠠᠨ ᠲᠥᠷᠥᠯ ᠵᠦᠢᠯ ᠤᠨ ᠲᠠᠯ᠎ᠠ ᠪᠠᠷ ᠂ ᠨᠢᠭᠡᠨᠲᠡ 74 ᠶᠢ ᠴᠡᠭᠴᠡᠯᠡᠨ ᠵᠠᠰᠠᠵᠤ ᠂ ᠨᠡᠶᠢᠲᠡ 1193 ᠾᠧᠺᠲ᠋ᠠᠷ ᠭᠠᠵᠠᠷ ᠰᠢᠷᠣᠢ ᠶᠢ ᠭᠦᠢᠯᠭᠡᠭᠡᠨ ᠲᠠᠢ ᠪᠣᠯᠭᠠᠵᠤ ᠂ ᠴᠡᠭᠴᠡᠯᠡᠨ ᠵᠠᠰᠠᠵᠤ ᠳᠠᠭᠤᠰᠬᠠᠭᠰᠠᠨ ᠨᠣᠷᠮ᠎ᠠ ᠨᠢ 74% ᠳᠤ ᠬᠥᠷᠪᠡ ᠃ 《ᠬᠠᠭᠠᠰ ᠳᠤᠲᠠᠭᠤ ᠣᠷᠭᠢᠭᠰᠠᠨ》ᠢᠨᠵᠧᠨᠧᠷᠢᠩ ᠤᠨ ᠲᠠᠯ᠎ᠠ ᠪᠠᠷ ᠂ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ 18 ᠨᠡᠭᠡᠭᠡᠯᠲᠡ ᠶᠢᠨ ᠲᠣᠭᠤᠷᠢᠭ ᠤᠨ 《ᠬᠠᠭᠠᠰ ᠳᠤᠲᠠᠭᠤ ᠣᠷᠭᠢᠭᠰᠠᠨ》ᠢᠨᠵᠧᠨᠧᠷᠢᠩ ᠢ ᠡᠯ᠎ᠡ ᠠᠶᠢᠮᠠᠭ ᠬᠤᠲᠠ ᠶᠢᠨ ᠬᠢᠨ ᠴᠥᠮ ᠡᠮᠬᠢ ᠵᠢᠷᠤᠮ ᠲᠠᠢ ᠪᠠᠷ ᠴᠡᠭᠴᠡᠯᠡᠨ ᠵᠠᠰᠠᠬᠤ ᠶᠢ ᠠᠬᠢᠭᠤᠯᠵᠤ ᠪᠠᠶᠢᠨ᠎ᠠ ᠃ ᠡᠭᠦᠨ ᠳᠤ ᠲᠦᠩᠯᠢᠶᠣᠣ ᠬᠤᠲᠠ ᠂ ᠬᠢᠩᠭᠠᠨ ᠠᠶᠢᠮᠠᠭ ᠂ ᠦᠬᠠᠢ ᠬᠤᠲᠠ ᠲᠣᠰ ᠲᠣᠰ 1 ᠢᠨᠵᠧᠨᠧᠷᠢᠩ ᠢ ᠭᠦᠢᠯᠭᠡᠭᠡᠨ ᠲᠠᠢ ᠪᠣᠯᠭᠠᠪᠠ ᠃
ᠡᠭᠦᠨ ᠤ ᠵᠡᠷᠭᠡᠴᠡᠭᠡ ᠪᠠᠷ ᠂ ᠥᠪᠡᠷᠲᠡᠭᠡᠨ ᠵᠠᠰᠠᠬᠤ ᠣᠷᠣᠨ ᠠᠴᠠ 55 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠦᠷᠢᠶᠡᠯᠡᠩ ᠳᠤ ᠣᠷᠣᠭᠤᠯᠬᠤ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠡᠷᠴᠢᠮ ᠂ ᠮᠦ ᠪᠦᠷᠢ ᠶᠢᠨ ᠳᠤᠮᠳᠠᠴᠢ ᠦᠢᠯᠡᠳᠬᠦᠨ ᠤ ᠥᠷᠲᠡᠭ ᠂ ᠭᠠᠶᠢᠯᠢ ᠲᠠᠲᠠᠪᠤᠷᠢ ᠵᠡᠷᠭᠡ ᠭᠦᠢᠴᠡᠳᠬᠡᠯ ᠲᠤᠭ᠎ᠠ ᠶᠢ ᠪᠥᠬᠦ ᠲᠠᠯ᠎ᠠ ᠪᠠᠷ ᠲᠤᠶᠢᠯᠪᠤᠷᠢᠲᠠᠢ ᠪᠠᠶᠢᠴᠠᠭᠠᠨ ᠰᠢᠢᠳᠪᠦᠷᠢᠯᠡᠵᠦ ᠂ ᠡᠯ᠎ᠡ ᠠᠶᠢᠮᠠᠭ ᠬᠤᠲᠠ ᠶᠢᠨ ᠬᠢᠨ ᠴᠥᠮ ᠲᠣᠰ ᠭᠠᠵᠠᠷ ᠣᠷᠣᠨ ᠤ ᠪᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢ ᠨᠡᠶᠢᠲᠡᠯᠡᠨ ᠵᠠᠷᠯᠠᠭᠰᠠᠨ ᠪᠠᠶᠢᠨ᠎ᠠ ᠃
《ᠣᠳᠣᠬᠠᠨ ᠳᠤ ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠲᠣᠭᠤᠷᠢᠭ ᠤᠨ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠤᠨ ᠴᠢᠬᠤᠯᠠ ᠬᠦᠴᠦᠨ ᠵᠦᠢᠯ ᠢ ᠲᠤᠶᠢᠯᠪᠤᠷᠢᠲᠠᠢ ᠪᠠᠶᠢᠴᠠᠭᠠᠨ ᠰᠢᠢᠳᠪᠦᠷᠢᠯᠡᠬᠦ ᠠᠵᠢᠯ ᠨᠢᠭᠡᠨᠲᠡ ᠰᠢᠪᠲᠤᠯᠤᠯᠲᠠ ᠶᠢᠨ ᠬᠤᠭᠤᠴᠠᠭᠠᠨ ᠳᠤ ᠪᠠᠨ ᠣᠷᠣᠭᠠᠳ ᠪᠠᠶᠢᠨ᠎ᠠ ᠃ ᠲᠠᠷᠠᠭᠠᠴᠢ ᠶᠢᠨ ᠠᠯᠬᠤᠮ ᠳᠤ ᠂ ᠪᠢᠳᠡ ᠰᠤᠯᠠ ᠲᠠᠯᠪᠢᠭᠳᠠᠵᠤ ᠪᠠᠶᠢᠭ᠎ᠠ ᠭᠠᠵᠠᠷ ᠰᠢᠷᠣᠢ ᠂ ᠦᠢᠯᠡᠳᠪᠦᠷᠢᠯᠡᠯ ᠨᠢ ᠵᠣᠭᠰᠣᠭᠰᠠᠨ ᠠᠵᠤ ᠠᠬᠤᠶᠢᠯᠠᠯ ᠂ ᠪᠠᠷᠢᠯᠭ᠎ᠠ ᠶᠢᠨ ᠠᠵᠢᠯ ᠨᠢ ᠵᠣᠭᠰᠣᠭᠰᠠᠨ ᠲᠥᠷᠥᠯ ᠵᠦᠢᠯ ᠂ ︿ᠬᠠᠭᠠᠰ ᠳᠤᠲᠠᠭᠤ ᠣᠷᠭᠢᠭᠰᠠᠨ﹀ᠢᠨᠵᠧᠨᠧᠷᠢᠩ ᠵᠡᠷᠭᠡ ᠲᠠᠯ᠎ᠠ ᠶᠢᠨ ᠴᠡᠭᠴᠡᠯᠡᠨ ᠵᠠᠰᠠᠬᠤ ᠠᠬᠢᠴᠠ ᠶᠢ ᠤᠯᠠᠮ ᠨᠢᠭᠡ ᠠᠯᠬᠤᠮ ᠲᠦᠷᠭᠡᠳᠬᠡᠨ ᠠᠬᠢᠭᠤᠯᠵᠤ ᠂ 2023 ᠣᠨ ᠤ ᠰᠡᠭᠦᠯᠴᠢ ᠠᠴᠠ ᠡᠮᠦᠨ᠎ᠡ ᠦᠢᠯᠡᠳᠪᠦᠷᠢᠯᠡᠯ ᠨᠢ ᠵᠣᠭᠰᠣᠭᠰᠠᠨ ᠠᠵᠤ ᠠᠬᠤᠶᠢᠯᠠᠯ ᠂ ᠪᠠᠷᠢᠯᠭ᠎ᠠ ᠶᠢᠨ ᠠᠵᠢᠯ ᠨᠢ ᠵᠣᠭᠰᠣᠭᠰᠠᠨ ᠲᠥᠷᠥᠯ ᠵᠦᠢᠯ ᠂ ︿ᠬᠠᠭᠠᠰ ᠳᠤᠲᠠᠭᠤ ᠣᠷᠭᠢᠭᠰᠠᠨ﹀ᠢᠨᠵᠧᠨᠧᠷᠢᠩ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ》ᠭᠡᠵᠦ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢᠯᠡᠷᠬᠡᠶᠢᠯᠡᠪᠡ ᠃