ᠵᠤᠬᠢᠶᠠᠭᠴᠢ:
ᠴᠠᠭ:2023-02-17
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠤᠨ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ 9 ᠲᠦᠮᠡᠨ ᠲᠥᠭᠦᠷᠢᠭ ᠢ ᠳᠠᠪᠠᠵᠤ ᠪᠥᠬᠦ ᠤᠯᠤᠰ ᠤᠨ ᠨᠠᠢᠮᠠᠳᠤᠭᠠᠷ ᠲᠤ ᠵᠢᠭᠰᠠᠭᠠᠭᠳᠠᠪᠠ
ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠮᠤᠭ ᠤᠨ ᠰᠢᠨ᠎ᠡ ᠮᠡᠳᠡᠭᠡ᠄ 2022 ᠣᠨ ᠳᠤ ᠂ ᠮᠠᠨ ᠤ ᠣᠷᠣᠨ ᠤ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ 9 ᠲᠦᠮᠡᠨ ᠲᠥᠭᠦᠷᠢᠭ ᠢ ᠳᠠᠪᠠᠨ ᠂ 96474 ᠲᠥᠭᠦᠷᠢᠭ ᠲᠤ ᠬᠦᠷᠴᠦ ᠂ ᠳᠡᠭᠡᠷ᠎ᠡ ᠵᠢᠯ ᠤᠨ ᠬᠢ ᠠᠴᠠ 4. 2% ᠢᠶᠠᠷ ᠨᠡᠮᠡᠭᠳᠡᠪᠡ ᠃ ᠡᠨᠡ ᠨᠢ 《ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠦᠪᠵᠢᠭᠦᠯᠭᠡ ᠶᠢᠨ ᠬᠤᠭᠤᠴᠠᠭ᠎ᠠ ᠠᠴᠠ ᠨᠠᠭᠠᠰᠢ 2021 ᠣᠨ ᠳᠤ ᠪᠦᠬᠦ ᠣᠷᠣᠨ ᠤ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ 8 ᠲᠦᠮᠡᠨ ᠲᠥᠭᠦᠷᠢᠭ ᠢ ᠳᠠᠪᠠᠭᠰᠠᠨ ᠠᠴᠠ ᠬᠤᠶᠢᠰᠢ ᠂ ᠥᠪᠥᠷ ᠮᠣᠩᠭᠤᠯ ᠤᠨ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠳᠠᠬᠢᠨ ᠨᠢᠭᠡ ᠰᠢᠨ᠎ᠡ ᠳᠡᠭᠲᠡᠷ ᠲᠤ ᠭᠠᠷᠤᠭᠰᠠᠨ ᠶᠠᠪᠤᠳᠠᠯ ᠪᠣᠯᠣᠨ᠎ᠠ ᠂ ᠮᠥᠨ ᠴᠦ ᠥᠪᠥᠷ ᠮᠣᠩᠭᠤᠯ ᠤᠨ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠦᠷᠲᠡᠭ ᠠᠩᠬ᠎ᠠ ᠤᠳᠠᠭ᠎ᠠ 9 ᠲᠦᠮᠡᠨ ᠲᠥᠭᠦᠷᠢᠭ ᠢ ᠳᠠᠪᠠᠨ᠂ ᠪᠦᠬᠦ ᠤᠯᠤᠰ ᠲᠤ ᠨᠠᠢᠮᠠᠳᠤᠭᠠᠷ ᠲᠤ ᠵᠢᠭᠰᠠᠭᠠᠭᠳᠠᠵᠤ ᠂ 2021 ᠣᠨ ᠤ ᠬᠢ ᠠᠴᠠ ᠬᠤᠶᠠᠷ ᠪᠠᠶᠢᠷᠢ ᠳᠡᠭᠡᠭᠰᠢᠯᠡᠭᠰᠡᠨ ᠶᠠᠪᠤᠳᠠᠯ ᠪᠣᠯᠣᠨ᠎ᠠ ᠃
2022 ᠣᠨ ᠳᠤ ᠂ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠨᠥᠬᠦᠴᠡᠯ ᠪᠠ ᠥᠭᠡᠷᠡᠴᠢᠯᠡᠯᠲᠡ ᠬᠥᠭᠵᠢᠯᠲᠡ ᠶᠢ ᠲᠣᠭᠲᠠᠪᠤᠷᠢᠵᠢᠭᠤᠯᠬᠤ ᠬᠠᠲᠠᠭᠤ ᠪᠡᠷᠬᠡ ᠡᠭᠦᠷᠭᠡ ᠶᠢᠨ ᠡᠮᠦᠨ᠎ᠡ ᠂ ᠪᠦᠬᠦ ᠣᠷᠣᠨ ᠢᠶᠠᠷ ᠢᠶᠠᠨ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ ᠂《ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠂ ᠠᠵᠤ ᠠᠬᠤᠢ ᠶᠢ ᠲᠣᠭᠲᠠᠪᠤᠷᠢᠵᠢᠭᠤᠯᠬᠤ ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ》ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠶ ᠂ ᠪᠦᠬᠦ ᠲᠠᠯ᠎ᠠ ᠪᠠᠷ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠢ ᠲᠥᠯᠥᠪᠯᠡᠵᠦ ᠂ ᠥᠭᠡᠷᠡᠴᠢᠯᠡᠯᠲᠡ ᠶᠢ ᠠᠳᠬᠤᠬᠤ ᠂ ᠨᠡᠭᠡᠭᠡᠯᠲᠡ ᠶᠢ ᠥᠷᠭᠡᠳᠬᠡᠬᠦ ᠂ ᠶᠡᠭᠡ ᠲᠠᠯ᠎ᠠ ᠶᠢ ᠪᠠᠲᠤᠯᠠᠬᠤ ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ ᠂ ᠣᠷᠣᠭᠤᠯᠤᠯᠲᠠ ᠪᠠᠨ ᠨᠡᠮᠡᠭᠳᠡᠭᠦᠯᠬᠦ ᠂ ᠰᠢᠨ᠎ᠡ ᠶᠢ ᠡᠭᠦᠳᠬᠦ ᠶᠢ ᠠᠬᠢᠭᠤᠯᠬᠤ ᠂ ᠠᠵᠤ ᠦᠢᠯᠡᠰ ᠢ ᠪᠣᠶᠢᠵᠢᠭᠤᠯᠬᠤ ᠂ ᠬᠥᠳᠡᠯᠭᠡᠬᠦ ᠴᠢᠳᠠᠪᠤᠷᠢ ᠶᠢ ᠰᠣᠯᠢᠬᠤ ᠶᠢ ᠪᠠᠷᠢᠮᠲᠠᠯᠠᠵᠤ ᠂ ᠪᠦᠲᠦᠴᠡ ᠶᠢ ᠲᠣᠬᠢᠷᠠᠭᠤᠯᠬᠤ ᠂ ᠠᠶᠤᠯ ᠲᠦᠭᠰᠢᠭᠦᠷᠢ ᠶᠢ ᠰᠡᠷᠭᠡᠶᠢᠯᠡᠬᠦ ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠶᠢ ᠪᠠᠷᠢᠮᠲᠠᠯᠠᠨ ᠂ ᠡᠯ᠎ᠡ ᠵᠦᠢᠯ ᠤᠨ ᠵᠢᠱᠢᠯᠲᠡ ᠠᠴᠠ ᠳᠠᠪᠠᠭᠰᠠᠨ ᠬᠦᠴᠦᠨ ᠵᠦᠢᠯ ᠤᠨ ᠳᠠᠭᠠᠷᠢᠯᠲᠠ ᠵᠢᠴᠢ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠢᠳᠡᠪᠬᠢᠲᠡᠢ ᠪᠥᠭᠡᠳ ᠪᠦᠲᠦᠮᠵᠢᠲᠡᠢ ᠠᠷᠭᠠᠴᠠᠵᠤ ᠂ ᠬᠤᠷᠸ᠎ᠠ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠦᠷᠤ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠤᠭᠰᠠᠨ ᠢᠶᠠᠷ ᠂ ᠪᠦᠬᠦ ᠣᠷᠣᠨ ᠤ ᠠᠵᠤ ᠠᠬᠤᠢ ᠶᠢᠨ ᠠᠵᠢᠯᠯᠠᠭᠠᠨ ᠳᠤ ᠶᠡᠷᠦᠩᠬᠡᠢ ᠳᠤ ᠪᠠᠨ ᠲᠣᠭᠲᠠᠭᠤᠨ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠪᠠᠶᠢᠳᠠᠯ ᠢᠯᠡᠷᠡᠵᠡᠢ ᠃ 2022 ᠣᠨ ᠳᠤ ᠂ ᠪᠥᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 2.3 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ ᠂ ᠨᠢᠭᠡᠳᠦᠭᠡᠷ ᠂ ᠬᠤᠶᠠᠳᠤᠭᠠᠷ ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠴᠥᠮ ᠠᠳᠠᠯᠢ ᠪᠤᠰᠤ ᠬᠡᠮᠵᠢᠶ᠎ᠡ ᠪᠠᠷ ᠨᠡᠮᠡᠭᠳᠡᠪᠡ ︔ ᠪᠥᠬᠦ ᠣᠷᠣᠨ ᠤ ᠬᠥᠮᠥᠨ ᠳᠤᠮᠳᠠᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ ᠨᠢ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 10776 ᠲᠥᠭᠦᠷᠢᠭ ᠥᠨᠳᠥᠷ ᠪᠣᠯᠵᠠᠢ ᠃