ᠵᠤᠬᠢᠶᠠᠭᠴᠢ:
ᠴᠠᠭ:2023-02-17
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ 2023 ᠣᠨ ᠤ ᠠᠵᠢᠯ ᠤᠨ ᠭᠤᠣᠯᠳᠠᠯᠭ᠎ᠠ ᠶᠢ ᠰᠤᠳᠤᠯᠪᠠ
2022 2 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2023 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ ᠂ ᠣᠨ ᠤ ᠠᠵᠢᠯ ᠤᠨ ᠭᠤᠣᠯᠳᠠᠯᠭ᠎ᠠ ᠶᠢ ᠰᠤᠳᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃
ᠬᠤᠷᠠᠯ ᠠᠴᠠ ᠂ ᠠᠵᠢᠯ ᠤᠨ ᠭᠤᠣᠯᠳᠠᠯᠭ᠎ᠠ ᠪᠣᠯ ᠪᠦᠭᠦ ᠵᠢᠯ ᠤᠨ ᠡᠭᠦᠷᠭᠡ ᠶᠢᠨ ᠳᠠᠩᠰᠠ ᠶᠢ ᠲᠤᠰᠢᠶᠠᠬᠤ ᠶᠠᠪᠤᠳᠠᠯ ᠪᠣᠯᠣᠨ᠎ᠠ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠭᠢᠯᠡᠭᠦ ᠶᠣᠰᠣᠯᠠᠯ ᠴᠢᠬᠤᠯᠠ ᠶᠠᠷᠢᠶ᠎ᠠ ᠪᠠᠷ ᠵᠢᠯᠣᠭᠤᠳᠤᠯᠭ᠎ᠠ ᠪᠤᠯᠭᠠᠵᠤ ᠂ ᠶᠡᠷᠦᠩᠬᠡᠢ ᠱᠦᠵᠢ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠴᠢᠩᠭ᠎ᠠ ᠬᠠᠷᠭᠤᠭᠤᠯᠤᠨ ᠪᠠᠷᠢᠮᠵᠢᠶᠠᠯᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠴᠢᠨᠠᠭᠰᠢᠳᠠ ᠲᠡᠭᠦᠯᠳᠡᠷᠵᠢᠭᠦᠯᠵᠦ ᠂ ᠳᠦᠷᠦᠯ ᠵᠦᠢᠯ ᠢ ᠣᠷᠬᠢᠭᠳᠠᠭᠤᠯᠬᠤ ᠦᠭᠡᠢ ᠳᠤᠲᠠᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠭᠤᠣᠯᠳᠠᠯᠭ᠎ᠠ ᠲᠠᠢ ᠡᠭᠦᠷᠭᠡ ᠶᠢ ᠨᠠᠷᠢᠨ ᠲᠠᠩᠰᠠ ᠶᠢᠨ ᠭᠡᠯᠪᠡᠷᠢ ᠪᠠᠷ ᠲᠣᠬᠢᠷᠠᠭᠤᠯᠵᠤ ᠂ ᠨᠠᠷᠢᠨ ᠲᠠᠩᠰᠠ ᠶᠢᠨ ᠭᠡᠯᠪᠡᠷᠢ ᠪᠠᠷ ᠠᠬᠢᠭᠤᠯᠵᠤ ᠂ ᠰᠠᠷ᠎ᠠ ᠰᠠᠷ᠎ᠠ ᠠᠬᠢᠴᠠ ᠲᠠᠢ ᠂ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠃ ᠴᠢᠬᠤᠯᠠ ᠶᠡᠭᠡ ᠬᠤᠷᠠᠯ ᠠᠵᠢᠯᠯᠠᠭ᠎ᠠ ᠶᠢ ᠡᠷᠲᠡ ᠠᠴᠠ ᠲᠥᠯᠥᠪᠵᠢᠭᠦᠯᠵᠦ ᠂ ᠡᠳᠦᠷ ᠲᠤᠲᠤᠮ ᠤᠨ ᠵᠥᠪᠯᠡᠭᠦ ᠵᠦᠢᠯ ᠳᠡᠭᠡᠨ ᠣᠷᠣᠭᠤᠯᠵᠤ ᠂ ᠲᠥᠰᠥᠯ ᠢᠶᠠᠨ ᠨᠠᠷᠢᠯᠢᠭᠵᠢᠭᠤᠯᠵᠤ ᠂ ᠬᠤᠷᠠᠯ ᠠᠵᠢᠯᠯᠠᠭ᠎ᠠ ᠪᠣᠯᠭᠠᠨ ᠢ ᠦᠨᠡᠨ ᠪᠣᠳᠠᠲᠠᠢ ᠡᠷᠭᠢᠯᠡᠵᠦ ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ ᠃ ᠵᠠᠰᠠᠭ ᠤᠨ ᠣᠷᠳᠣᠨ ᠤ ᠠᠯᠪᠠᠨ ᠲᠢᠩᠬᠢᠮ ᠮᠥᠷᠳᠡᠨ ᠪᠠᠶᠢᠴᠠᠭᠠᠵᠤ ᠠᠩᠬᠠᠷᠤᠯ ᠲᠠᠯᠪᠢᠨ ᠰᠢᠢᠳᠪᠦᠷᠢᠯᠡᠵᠦ ᠂ ᠶᠠᠮᠠᠷ ᠠᠵᠢᠯ ᠨᠢ ᠤᠷᠤᠭᠰᠢᠲᠠᠢ ᠶᠠᠪᠤᠭᠳᠠᠵᠤ ᠦᠷ᠎ᠡ ᠪᠦᠲᠦᠮᠵᠢ ᠨᠢ ᠰᠠᠶᠢᠨ ᠪᠠᠶᠢᠪᠠᠯ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ ᠂ ᠶᠠᠮᠠᠷ ᠠᠵᠢᠯ ᠨᠢ ᠤᠳᠠᠭᠠᠨ ᠪᠠᠶᠢᠵᠤ ᠬᠦᠴᠢᠷᠲᠡᠢ ᠪᠠᠶᠢᠪᠠᠯ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠶᠠᠪᠤᠳᠠᠯ ᠪᠦᠭᠦᠨ ᠢ ᠨᠢᠭᠡ ᠶᠢ ᠴᠦ ᠣᠷᠬᠢᠭᠳᠠᠭᠤᠯᠤᠯ ᠦᠭᠡᠢ ᠪᠠᠷ ᠴᠠᠭ ᠲᠤᠬᠠᠢ ᠳᠤᠨᠢ ᠴᠢᠨᠠᠷ ᠰᠠᠶᠢᠲᠠᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃