ᠵᠤᠬᠢᠶᠠᠭᠴᠢ:
ᠴᠠᠭ:2023-02-17
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ ᠸᠠᠩ ᠯᠢ ᠰᠢᠶᠠ ᠣᠷᠣᠯᠴᠠᠵᠠᠢ
2023 2 ᠰᠠᠷ᠎ᠠ ᠶᠢᠨ 16 ᠤ ᠡᠳᠦᠷ ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠪᠦᠭᠦ ᠨᠡᠶᠢᠭᠡᠮ ᠤᠨ ᠡᠬᠢ ᠪᠠᠶᠠᠯᠢᠭ ᠢ ᠪᠦᠭᠦ ᠲᠠᠯ᠎ᠠ ᠪᠠᠷ ᠠᠷᠪᠢᠯᠠᠨ ᠡᠷᠴᠢᠮᠵᠢᠭᠦᠯᠬᠦ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ 2023 ᠣᠨ ᠤ ᠭᠤᠣᠯᠳᠠᠯᠭ᠎ᠠ ᠲᠠᠢ ᠠᠵᠢᠯ ᠢ ᠰᠤᠳᠤᠯᠪᠠ ᠃
ᠬᠤᠷᠠᠯ ᠠᠴᠠ ᠂ 2022 ᠣᠨ ᠳᠤ ᠂ ᠪᠦᠭᠦ ᠣᠷᠣᠨ ᠤ ᠡᠯ᠎ᠡ ᠱᠠᠲᠤᠨ ᠤ ᠬᠢᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠬᠢᠭᠤᠯᠬᠤ ᠪᠠ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ ᠂ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠂ ᠨᠠᠶᠢᠳᠠᠪᠤᠷᠢᠵᠢᠭᠤᠯᠬᠤ ᠲᠣᠭᠲᠠᠴᠠ ᠶᠢ ᠪᠦᠷᠢᠨᠰᠢᠭᠦᠯᠵᠦ ᠂ 《ᠲᠠᠪᠤ ᠶᠢ ᠲᠤᠶᠢᠯᠪᠤᠷᠢᠲᠠᠢ ᠪᠠᠶᠢᠴᠠᠭᠠᠬᠤ 》 ᠠᠵᠢᠯᠯᠠᠭ᠎ᠠ ᠶᠢ ᠭᠦᠨᠵᠡᠭᠡᠢ ᠥᠷᠨᠢᠭᠦᠯᠵᠦ ᠂ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ ᠂ ᠢᠳᠡᠪᠬᠢᠲᠡᠢ ᠦᠷ᠎ᠡ ᠪᠦᠲᠦᠮᠵᠢ ᠣᠯᠵᠠᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠂ 《ᠬᠤᠣᠰ ᠨᠡᠭᠦᠷᠡᠰᠦᠲᠥ᠋ᠷᠥᠭᠴᠢ 》 ᠶᠢᠨ ᠠᠵᠢᠯ ᠢ ᠰᠠᠶᠢᠲᠤᠷ ᠬᠢᠵᠦ ᠂ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠵᠦ ᠠᠰᠢᠭᠯᠠᠬᠤ ᠶᠢ ᠰᠠᠶᠢᠲᠤᠷ ᠠᠳᠬᠤᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠡᠭᠦᠷᠭᠡ ᠪᠣᠯᠣᠨ᠎ᠠ ᠃ ᠪᠣᠳᠠᠲᠤ ᠪᠠᠶᠢᠳᠠᠯ ᠳᠤ ᠰᠠᠭᠤᠷᠢᠯᠠᠨ 《 ᠬᠤᠣᠰ ᠨᠡᠭᠦᠷᠡᠰᠦᠲᠥ᠋ᠷᠥᠭᠴᠢ》 ᠶᠢᠨ ᠴᠢᠬᠤᠯᠠ ᠶᠡᠭᠡ ᠰᠡᠳᠦᠪ ᠤᠨ ᠲᠤᠬᠠᠢ ᠰᠤᠳᠤᠯᠭᠠᠨ ᠢ ᠴᠢᠩᠭᠠᠳᠬᠠᠵᠤ ᠂ ᠤᠯᠤᠰ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠢᠳᠡᠪᠬᠢᠲᠡᠢ ᠣᠯᠵᠤ ᠂ ᠡᠨᠧᠷᠭᠢ ᠶᠢᠨ ᠬᠤᠷᠣᠭᠳᠠᠯ ᠤᠨ 《ᠬᠤᠣᠰ ᠡᠵᠡᠮᠳᠡᠯ》 ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ《ᠬᠤᠣᠰ ᠡᠵᠡᠮᠳᠡᠯ 》 ᠪᠣᠯᠭᠠᠨ ᠬᠤᠪᠢᠷᠠᠭᠤᠯᠬᠤ ᠵᠡᠷᠭᠡ ᠬᠦᠷᠢᠶᠡᠨ ᠳᠤ ᠤᠷᠢᠳ ᠢᠶᠠᠷ ᠲᠤᠷᠰᠢᠵᠤ ᠤᠷᠢᠳ ᠢᠶᠠᠷ ᠬᠡᠷᠡᠭᠵᠢᠭᠦᠯᠬᠦ ᠠᠵᠢᠯ ᠢ ᠴᠢᠷᠮᠠᠶᠢᠨ ᠰᠠᠶᠢᠲᠤᠷ ᠬᠢᠵᠦ ᠂ ᠤᠯᠤᠰ ᠲᠤ ᠢᠯᠡᠭᠦᠬᠡᠨ ᠬᠤᠪᠢ ᠨᠡᠮᠡᠷᠢ ᠦᠵᠡᠭᠦᠯᠭᠦ ᠬᠡᠷᠡᠭᠲᠡᠢ ᠃ ᠨᠡᠭᠦᠷᠡᠰᠦ ᠂ ᠴᠠᠭᠢᠯᠭᠠᠨ ᠂ ᠲᠣᠰᠣ ᠂ ᠰᠢᠲᠠᠮᠠᠬᠠᠢ ᠬᠡᠢ ᠂ ᠰᠠᠯᠬᠢ ᠂ ᠭᠡᠷᠡᠯ ᠂ ᠤᠰᠤᠲᠥ᠋ᠷᠥᠭᠴᠢ ᠶᠢ ᠵᠡᠷᠭᠡ ᠪᠠᠷ ᠬᠡᠷᠡᠭᠯᠡᠬᠦ ᠶᠢ ᠪᠠᠷᠢᠮᠲᠠᠯᠠᠵᠤ ᠂ ᠪᠠᠭᠲᠠᠭᠠᠨ ᠰᠢᠩᠭᠡᠭᠡᠬᠦ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠰᠢᠪᠲᠤᠯᠤᠯᠲᠠ ᠪᠣᠯᠭᠠᠨ 《 ᠶᠡᠭᠡ ᠪᠠᠷ ᠬᠢᠵᠦ ᠲᠦᠷᠭᠡᠨ ᠪᠦᠲᠦᠭᠡᠨ ᠪᠠᠶᠢᠭᠤᠯᠵᠤ 》 ᠰᠢᠨ᠎ᠡ ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠭᠯᠡᠯ ᠢ ᠡᠵᠡᠮᠳᠡᠵᠦ ᠨᠡᠭᠦᠷᠡᠰᠦ ᠂ ᠨᠡᠭᠦᠷᠡᠰᠦ ᠪᠠᠷ ᠴᠠᠭᠢᠯᠭᠠᠨ ᠭᠠᠷᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠦ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠃ ᠪᠣᠬᠢᠷᠳᠤᠯ ᠶᠡᠬᠡᠲᠡᠢ ᠡᠨᠧᠷᠭᠢ ᠶᠢᠨ ᠬᠤᠷᠣᠭᠳᠠᠯ ᠶᠡᠬᠡᠲᠡᠢ ᠲᠥᠷᠥᠯ ᠵᠦᠢᠯ ᠢ ᠰᠣᠬᠤᠷ ᠪᠠᠯᠠᠢ ᠪᠠᠷ ᠳᠣᠣᠷ᠎ᠠ ᠲᠦᠪᠰᠢᠨ ᠢᠶᠠᠷ ᠬᠥᠭᠵᠢᠭᠦᠯᠬᠦ ᠶᠢ ᠴᠢᠩᠭ᠎ᠠ ᠬᠢᠵᠠᠭᠠᠷᠯᠠᠵᠤ ᠂ ᠰᠢᠨ᠎ᠡ ᠡᠨᠧᠷᠭᠢ ᠶᠢᠨ ᠲᠣᠨᠣᠭᠯᠠᠯ ᠦᠶᠯᠡᠳᠭᠦ ᠂ ᠰᠢᠨ᠎ᠡ ᠮᠠᠲ᠋ᠧᠷᠢᠶᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ ᠠᠮᠢ ᠠᠬᠤᠢ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢ ᠳᠡᠭᠡᠭᠰᠢᠯᠡᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ ᠂ ᠠᠵᠤ ᠠᠬᠤᠢ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠃ ᠠᠷᠪᠢᠯᠠᠨ ᠭᠠᠮᠨᠠᠬᠤ ᠨᠢ ᠢᠷᠠᠭᠤ ᠠᠯᠳᠠᠷ ᠲᠠᠢ ᠂ ᠪᠦᠷᠢᠯᠭᠡᠨ ᠰᠦᠢᠳᠬᠡᠬᠦ ᠨᠢ ᠢᠴᠢᠭᠦᠷᠢ ᠭᠤᠲᠤᠮᠰᠢᠭ ᠲᠠᠢ ᠪᠠᠶᠢᠬᠤ ᠨᠡᠶᠢᠭᠡᠮ ᠤᠨ ᠠᠭᠤᠷ ᠠᠮᠢᠰᠬᠤᠯ ᠢ ᠶᠡᠭᠡ ᠪᠠᠷ ᠪᠤᠢ ᠪᠤᠯᠭᠠᠵᠤ ᠂ ᠢᠯᠴᠢ ᠬᠠᠩᠭᠠᠬᠤ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠂ ᠬᠤᠲᠠ ᠬᠥᠳᠡᠭᠡ ᠶᠢᠨ ᠤᠰᠤ ᠬᠡᠷᠡᠭᠯᠡᠬᠦ ᠦᠨ᠎ᠡ ᠬᠠᠩᠰᠢ ᠶᠢᠨ ᠥᠭᠡᠷᠡᠴᠢᠯᠡᠯᠲᠡ ᠵᠡᠷᠭᠡ ᠠᠵᠢᠯ ᠢ ᠴᠢᠬᠤᠯᠠᠴᠢᠯᠠᠨ ᠰᠠᠶᠢᠲᠤᠷ ᠬᠢᠵᠦ ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠭᠰᠠᠨ ᠦᠷ᠎ᠡ ᠪᠦᠲᠦᠮᠵᠢ ᠶᠢ ᠲᠤᠰᠬᠠᠭᠰᠠᠨ ᠭᠦᠢᠴᠡᠳᠬᠡᠯ ᠲᠣᠭᠠᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠃ 《ᠲᠠᠪᠤ ᠶᠢ ᠲᠤᠶᠢᠯᠪᠤᠷᠢᠲᠠᠢ ᠪᠠᠶᠢᠴᠠᠭᠠᠬᠤ》 ᠶᠢ ᠭᠦᠨᠵᠡᠭᠡᠶᠢᠷᠡᠭᠦᠯᠦᠨ ᠠᠬᠢᠭᠤᠯᠵᠤ ᠂ ᠳᠦᠷᠢᠮ ᠲᠣᠭᠲᠠᠭᠠᠯ ᠲᠣᠭᠲᠠᠭᠠᠬᠤ ᠪᠠᠷ ᠳᠠᠮᠵᠢᠭᠤᠯᠤᠨ ᠲᠤᠶᠢᠯᠪᠤᠷᠢᠲᠠᠢ ᠪᠠᠶᠢᠴᠠᠭᠠᠭᠰᠠᠨ ᠦᠷ᠎ᠡ ᠪᠦᠲᠦᠮᠵᠢ ᠶᠢ ᠪᠠᠲᠤᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ ᠃