ᠵᠤᠬᠢᠶᠠᠭᠴᠢ:
ᠴᠠᠭ:2023-02-17
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ︽ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ︾ ᠢ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠵᠢᠴᠢ ᠫᠠᠶᠢᠰᠠ ᠰᠡᠬᠦᠬᠦ ᠶᠣᠰᠣᠯᠠᠯ ᠪᠤᠭᠤᠲᠤ ᠳᠤ ᠶᠠᠪᠤᠭᠳᠠᠪᠠ ᠳ᠋ᠢᠩ ᠰᠢᠸ ᠹᠧᠩ ᠪᠠᠶᠠᠷ ᠤᠨ ᠦᠭᠡ ᠬᠡᠯᠡᠵᠦ ᠪᠦᠦ ᠰᠢᠶᠠᠨ ᠬᠤᠸᠠ ᠣᠷᠣᠯᠴᠠᠵᠠᠢ
2023 2 ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ 《ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ》 ᠢ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠥᠰᠥᠭ ᠵᠢᠷᠤᠬᠤ ᠵᠢᠴᠢ ᠫᠠᠶᠢᠰᠠ ᠰᠡᠬᠦᠬᠦ ᠶᠣᠰᠣᠯᠠᠯ ᠪᠤᠭᠤᠲᠤ ᠬᠤᠲᠠ ᠳᠤ ᠶᠠᠪᠤᠭᠳᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠹᠧᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠭᠰᠠᠨ ᠪᠥᠭᠡᠳ 《ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ》 ᠤᠨ ᠫᠠᠶᠢᠰᠠ ᠶᠢ ᠰᠡᠬᠦᠪᠡ᠃ ᠪᠤᠭᠤᠲᠤ ᠶᠢᠨ ᠪᠣᠯᠣᠳ ᠲᠡᠮᠦᠷ ᠤᠨ︵ᠪᠦᠯᠦᠭᠯᠡᠯ︶ᠺᠣᠮᠫᠠᠨᠢ ᠠᠴᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠯᠢ ᠸᠧᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃
ᠳ᠋ᠢᠩ ᠹᠧᠩ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠠᠶᠢᠭᠤᠯᠤᠭᠳᠠᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ ᠂ ᠪᠤᠭᠤᠲᠤ ᠪᠣᠯ ᠮᠠᠨ ᠤ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ ᠶᠢᠨ ᠰᠠᠭᠤᠷᠢᠨ ᠭᠠᠵᠠᠷ ᠂ ᠴᠢᠳᠠᠮᠵᠢᠲᠤ ᠮᠠᠲ᠋ᠧᠷᠢᠶᠠᠯ ᠢ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠪᠠ ᠰᠤᠳᠤᠯᠤᠨ ᠨᠡᠭᠡᠭᠡᠵᠦ ᠬᠡᠷᠡᠭᠯᠡᠬᠦ ᠰᠠᠭᠤᠷᠢᠨ ᠭᠠᠵᠠᠷ ᠪᠠᠶᠢᠵᠤ᠂ 《 ᠬᠤᠪᠣᠷ ᠰᠢᠷᠣᠢ ᠶᠢᠨ ᠬᠤᠳᠠ 》ᠬᠡᠮᠡᠭᠳᠡᠵᠡᠢ ᠃ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠪᠠᠶᠢᠭᠤᠯᠤᠭᠳᠠᠭᠰᠠᠨ ᠨᠢ ᠯᠠᠪᠳᠠᠶ᠎ᠠ ᠪᠤᠭᠤᠲᠤ ᠪᠣᠯᠣᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠴᠢᠳᠠᠪᠤᠷᠢ ᠨᠡᠮᠡᠷᠢᠯᠡᠵᠦ ᠂ ᠮᠠᠨ ᠤ ᠤᠯᠤᠰ ᠤᠨ ᠬᠤᠪᠣᠷ ᠰᠢᠷᠣᠢ ᠶᠢᠨ ᠠᠵᠤ ᠦᠢᠯᠡᠰ ᠤᠨ ᠬᠥᠭᠵᠢᠯᠲᠡ ᠳᠤ ᠠᠯᠤᠰ ᠬᠡᠳᠦ ᠶᠢᠨ ᠨᠥᠯᠥᠭᠡ ᠦᠵᠡᠭᠦᠯᠬᠦ ᠪᠣᠯᠣᠨ᠎ᠠ ᠭᠡᠵᠦ ᠴᠢᠬᠤᠯᠠᠴᠢᠯᠠᠪᠠ᠃
ᠭᠠᠷ ᠤᠨ ᠥᠰᠥᠭ ᠵᠢᠷᠤᠬᠤ ᠵᠢᠴᠢ ᠫᠠᠶᠢᠰᠠ ᠰᠡᠬᠦᠬᠦ ᠶᠣᠰᠣᠯᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠣᠯᠣᠳ ᠲᠡᠮᠦᠷ ᠤᠨ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ 《ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ》 ᠢ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠤ ᠭᠠᠷ ᠤᠨ ᠥᠰᠥᠭ ᠵᠢᠷᠤᠪᠠ ᠃