ᠵᠤᠬᠢᠶᠠᠭᠴᠢ:
ᠴᠠᠭ:2023-02-17
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠳᠤᠮᠳᠠᠳᠤ ᠤᠯᠤᠰ ᠤᠨ ᠬᠤᠳᠠᠯᠳᠤᠭᠠᠨ ᠳᠤ ᠬᠡᠷᠡᠭᠯᠡᠬᠦ ᠨᠢᠰᠬᠡᠯ ᠤᠨ ᠺᠣᠮᠫᠠᠨᠢ ᠶᠢᠨ ᠬᠢᠨ ᠮᠠᠨ ᠤ ᠣᠷᠣᠨ ᠳᠤ ᠢᠷᠡᠵᠦ ᠠᠷᠠᠯᠵᠢᠶᠠᠨ ᠤ ᠠᠵᠠ ᠲᠣᠬᠢᠶᠠᠯ ᠬᠠᠶᠢᠵᠤ ᠬᠠᠮᠲᠤᠷᠠᠯᠴᠠᠭ᠎ᠠ ᠬᠢᠬᠦ ᠲᠤᠬᠠᠢ ᠶᠠᠷᠢᠯᠴᠠᠪᠠ ᠰᠦᠨ ᠱᠣᠣ ᠴᠧᠩ ᠸᠠᠩ ᠯᠢ ᠰᠢᠶᠠ ᠾᠧ ᠳ᠋ᠦᠩ ᠹᠧᠩ ᠲᠠᠢ ᠠᠭᠤᠯᠵᠠᠪᠠ
ᠵᠠᠮ ᠬᠠᠷᠢᠯᠴᠠᠭᠠᠨ ᠤ ᠪᠠᠩᠬᠢ ᠶᠢᠨ ᠵᠣᠴᠢᠳ ᠢ ᠤᠭᠲᠤᠨ ᠠᠪᠤᠭᠰᠠᠨ ᠤ ᠳᠠᠷᠠᠭᠠᠬᠠᠨ᠂ 2023 2 ᠰᠠᠷ᠎ᠠ ᠶᠢᠨ 16 ᠤ ᠡᠳᠦᠷ᠂ ᠳᠤᠮᠳᠠᠳᠤ ᠤᠯᠤᠰ ᠤᠨ ᠬᠤᠳᠠᠯᠳᠤᠭᠠᠨ ᠳᠤ ᠬᠡᠷᠡᠭᠯᠡᠬᠦ ᠨᠢᠰᠬᠡᠯ ᠤᠨ ᠺᠤᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠾᠧ ᠳ᠋ᠦᠩ ᠹᠧᠩ ᠮᠠᠨ ᠤ ᠣᠷᠣᠨ ᠳᠤ ᠢᠷᠡᠵᠦ ᠬᠠᠮᠲᠤᠷᠠᠯᠴᠠᠭ᠎ᠠ ᠬᠢᠬᠦ ᠲᠤᠬᠠᠢ ᠶᠠᠷᠢᠯᠴᠠᠪᠠ᠃ ᠰᠦᠨ ᠱᠤᠤ ᠴᠧᠩ᠂ ᠸᠠᠩ ᠯᠢ ᠰᠢᠶᠠ ᠭᠦᠭᠡᠬᠤᠲᠠ ᠳᠤ ᠾᠧ ᠳ᠋ᠦᠩ ᠹᠧᠩ ᠨᠠᠷ ᠲᠠᠢ ᠠᠭᠤᠯᠵᠠᠵᠠᠢ᠃
ᠳᠤᠮᠳᠠᠳᠤ ᠤᠯᠤᠰ ᠤᠨ ᠬᠤᠳᠠᠯᠳᠤᠭᠠᠨ ᠳᠤ ᠬᠡᠷᠡᠭᠯᠡᠬᠦ ᠨᠢᠰᠬᠡᠯ ᠤᠨ ᠺᠤᠮᠫᠠᠨᠢ ᠪᠣᠯ ᠤᠯᠤᠰ ᠤᠨ ᠲᠣᠮᠣ ᠭᠡᠯᠪᠡᠷᠢ ᠶᠢᠨ ᠨᠢᠰᠬᠡᠯ ᠤᠨ ᠴᠢᠬᠤᠯᠠ ᠶᠡᠭᠡ ᠲᠤᠰᠬᠠᠢ ᠲᠦᠷᠦᠯ ᠤᠨ ᠳᠤᠮᠳᠠ ᠲᠣᠮᠣ ᠭᠡᠯᠪᠡᠷᠢ ᠶᠢᠨ ᠠᠶᠠᠨᠴᠢᠨ ᠤ ᠨᠢᠰᠬᠡᠯ ᠤᠨ ᠲᠦᠷᠦᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠠᠶᠢᠵᠤ᠂ 《ᠤᠯᠤᠰ ᠤᠨ ᠴᠢᠬᠤᠯᠠ ᠲᠣᠨᠣᠭᠯᠠᠯ》 ᠢ ᠴᠣᠭᠴᠠᠯᠠᠬᠤ ᠬᠦᠨᠳᠦ ᠡᠭᠦᠷᠭᠡ ᠶᠢ ᠡᠭᠦᠷᠭᠡᠯᠡᠵᠦ᠂ ᠭᠤᠣᠯᠯᠠᠬᠤ ᠵᠠᠩᠭᠢᠯᠠᠭ᠎ᠠ ᠶᠢᠨ ᠮᠡᠷᠭᠡᠵᠢᠯ ᠤᠨ ᠰᠢᠪᠲᠤᠯᠤᠯᠲᠠ᠂ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠬᠤᠳᠠᠯᠳᠤᠭᠠᠨ ᠳᠤ ᠬᠡᠷᠡᠭᠯᠡᠬᠦ ᠨᠢᠰᠬᠡᠯ ᠢ ᠦᠢᠯᠡᠳᠭᠦ ᠵᠡᠷᠭᠡ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠣᠯᠣᠭᠰᠠᠨ ᠪᠠᠶᠢᠨ᠎ᠠ᠃ 2018 ᠣᠨ ᠳᠤ ᠳᠤᠮᠳᠠᠳᠤ ᠤᠯᠤᠰ ᠤᠨ ᠬᠤᠳᠠᠯᠳᠤᠭᠠᠨ ᠳᠤ ᠬᠡᠷᠡᠭᠯᠡᠬᠦ ᠨᠢᠰᠬᠡᠯ ᠤᠨ ᠺᠤᠮᠫᠠᠨᠢ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢ᠂ ᠬᠤᠶᠠᠷ ᠲᠠᠯ᠎ᠠ ᠪᠠᠷ ᠢᠶᠠᠨ ᠦᠢᠯᠡᠳᠬᠦᠨ ᠤ ᠲᠤᠷᠰᠢᠯᠲᠠ ᠬᠢᠵᠦ ᠲᠤᠷᠰᠢᠨ ᠨᠢᠰᠬᠦ᠂ ᠨᠢᠰᠬᠡᠯ ᠤᠨ ᠡᠵᠡᠩᠨᠡᠯᠲᠡ ᠶᠢᠨ ᠦᠢᠯᠡᠴᠢᠯᠡᠭᠡ᠂ ᠠᠭᠠᠷ ᠤᠨ ᠠᠶᠠᠯᠠᠯ ᠤᠨ ᠰᠡᠯᠪᠢᠨ ᠵᠠᠰᠠᠬᠤ᠂ ᠴᠢᠳᠠᠪᠤᠷᠢᠲᠠᠨ ᠳᠤ ᠪᠣᠯᠪᠠᠰᠤᠷᠠᠯ ᠬᠦᠷᠲᠡᠭᠡᠬᠦ ᠪᠠ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠲᠠᠯ᠎ᠠ ᠪᠠᠷ ᠨᠢᠭᠡ ᠪᠦᠯᠦᠭ ᠬᠠᠮᠲᠤᠷᠠᠯᠴᠠᠭᠠᠨ ᠤ ᠦᠷ᠎ᠡ ᠪᠦᠲᠦᠭᠡᠯ ᠣᠯᠪᠠ᠃ ᠡᠨᠡ ᠤᠳᠠᠭ᠎ᠠ ᠳᠤᠮᠳᠠᠳᠤ ᠤᠯᠤᠰ ᠤᠨ ᠬᠤᠳᠠᠯᠳᠤᠭᠠᠨ ᠳᠤ ᠬᠡᠷᠡᠭᠯᠡᠬᠦ ᠨᠢᠰᠬᠡᠯ ᠤᠨ ᠺᠤᠮᠫᠠᠨᠢ ᠶᠢᠨ ᠬᠢᠨ ᠳᠠᠬᠢᠨᠲᠠ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠵᠣᠷᠢᠯᠭ᠎ᠠ ᠨᠢ ᠬᠠᠮᠲᠤᠷᠠᠨ ᠠᠵᠢᠯᠯᠠᠬᠤ ᠲᠤᠬᠠᠢ ᠵᠥᠪᠳᠡᠯᠴᠡᠵᠦ᠂ ᠨᠡᠩ ᠶᠡᠭᠡ ᠠᠷᠠᠯᠵᠢᠶᠠᠨ ᠤ ᠠᠵᠠ ᠲᠣᠭᠢᠶᠠᠯ ᠬᠠᠶᠢᠵᠤ᠂ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠥᠷᠭᠡᠳᠬᠡᠬᠦ ᠶᠢᠨ ᠲᠥᠯᠥᠭᠡ ᠶᠤᠮ᠃
ᠠᠭᠤᠯᠵᠠᠬᠤ ᠦᠶᠡᠰ᠂ ᠰᠦᠨ ᠱᠤᠤ ᠴᠧᠩ᠂ ᠥᠪᠥᠷ ᠮᠣᠩᠭᠤᠯ ᠶᠠᠭ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠢ ᠶᠡᠭᠡ ᠪᠠᠷ ᠠᠳᠬᠤᠵᠤ ᠪᠠᠶᠢᠨ᠎ᠠ᠂ ᠳᠤᠮᠳᠠᠳᠤ ᠤᠯᠤᠰ ᠤᠨ ᠬᠤᠳᠠᠯᠳᠤᠭᠠᠨ ᠳᠤ ᠬᠡᠷᠡᠭᠯᠡᠬᠦ ᠨᠢᠰᠬᠡᠯ ᠤᠨ ᠺᠤᠮᠫᠠᠨᠢ ᠶᠢᠨ ᠬᠢᠨ ᠠᠶᠢᠯᠴᠢᠯᠠᠵᠤ ᠢᠷᠡᠭᠰᠡᠨ ᠳᠤ ᠪᠢᠳᠡ ᠮᠠᠰᠢ ᠪᠠᠶᠠᠷᠯᠠᠵᠤ᠂ ᠲᠤᠶᠢᠯ ᠢᠶᠠᠷ ᠪᠠᠶᠠᠷᠯᠠᠨ ᠤᠭᠲᠤᠵᠤ ᠪᠠᠶᠢᠨ᠎ᠠ᠃ ᠥᠪᠥᠷ ᠮᠣᠩᠭᠤᠯ ᠤᠨ ᠭᠠᠵᠠᠷ ᠨᠤᠲᠤᠭ ᠥᠷᠭᠡᠨ ᠠᠭᠤᠳᠠᠮ᠂ ᠵᠡᠭᠦᠨᠰᠢ ᠪᠠᠷᠠᠭᠤᠨᠰᠢ ᠨᠠᠷᠢᠬᠠᠨ ᠣᠷᠳᠣ ᠪᠠᠶᠢᠵᠤ᠂ ᠠᠭᠠᠷ ᠤᠨ ᠠᠶᠠᠯᠠᠯ ᠤᠨ ᠦᠢᠯᠡᠴᠢᠯᠡᠭᠡᠨ ᠤ ᠬᠡᠷᠡᠭᠴᠡᠭᠡ ᠮᠠᠰᠢ ᠶᠡᠭᠡ ᠪᠥᠭᠡᠳ ᠠᠭᠤᠷ ᠠᠮᠢᠰᠬᠤᠯ ᠤᠨ ᠲᠥᠷᠥᠯ ᠵᠦᠢᠯ ᠣᠯᠠᠨ ᠶᠠᠩᠵᠤ ᠶᠢᠨ ᠪᠠᠶᠢᠵᠤ᠂ ᠴᠠᠭ ᠠᠭᠤᠷ ᠤᠨ ᠨᠥᠬᠦᠴᠡᠯ ᠨᠢ ᠨᠢᠰᠬᠡᠯ ᠤᠨ ᠲᠤᠷᠰᠢᠨ ᠨᠢᠰᠬᠦ ᠳᠤ ᠲᠤᠶᠢᠯ ᠤᠨ ᠲᠣᠬᠢᠷᠠᠮᠵᠢᠲᠠᠢ ᠪᠠᠶᠢᠳᠠᠭ᠃ ᠮᠠᠨ ᠤ ᠬᠤᠶᠠᠷ ᠲᠠᠯ᠎ᠠ ᠪᠠᠷ ᠢᠶᠠᠨ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠯᠠᠩᠭᠤᠶ᠎ᠠ ᠭᠠᠵᠠᠷ ᠶᠡᠭᠡ ᠬᠡᠷᠡᠭᠰᠡᠬᠦ ᠲᠦᠷᠦᠯ ᠵᠦᠢᠯ ᠢ ᠥᠪᠥᠷ ᠮᠣᠩᠭᠤᠯ ᠳᠤ ᠢᠯᠡᠭᠦᠬᠡᠨ ᠬᠡᠷᠡᠭᠵᠢᠭᠦᠯᠵᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤᠮᠳᠠ ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ᠃
ᠾᠧ ᠳ᠋ᠦᠩ ᠹᠧᠩ ᠳᠤᠮᠳᠠᠳᠤ ᠤᠯᠤᠰ ᠤᠨ ᠬᠤᠳᠠᠯᠳᠤᠭᠠᠨ ᠳᠤ ᠬᠡᠷᠡᠭᠯᠡᠬᠦ ᠨᠢᠰᠬᠡᠯ ᠤᠨ ᠺᠤᠮᠫᠠᠨᠢ ᠶᠢᠨ ᠬᠥᠭᠵᠢᠯᠲᠡ ᠶᠢᠨ ᠶᠠᠪᠤᠴᠠ ᠶᠢ ᠲᠣᠪᠴᠢ ᠲᠠᠨᠢᠯᠴᠠᠭᠤᠯᠪᠠ᠂ ᠲᠡᠷᠡ᠂ ᠥᠪᠥᠷ ᠮᠣᠩᠭᠤᠯ ᠪᠣᠯᠣᠨ ᠳᠤᠮᠳᠠᠳᠤ ᠤᠯᠤᠰ ᠤᠨ ᠬᠤᠳᠠᠯᠳᠤᠭᠠᠨ ᠳᠤ ᠬᠡᠷᠡᠭᠯᠡᠬᠦ ᠨᠢᠰᠬᠡᠯ ᠤᠨ ᠺᠤᠮᠫᠠᠨᠢ ᠶᠢᠨ ᠬᠠᠮᠲᠤᠷᠠᠯᠴᠠᠭ᠎ᠠ ᠮᠠᠰᠢ ᠰᠠᠶᠢᠨ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠪᠢᠳᠡᠨ ᠳᠤ ᠮᠠᠰᠢ ᠰᠠᠶᠢᠨ ᠦᠢᠯᠡᠴᠢᠯᠡᠭᠡ ᠪᠠᠲᠤᠯᠠᠭ᠎ᠠ ᠬᠠᠩᠭᠠᠵᠤ ᠪᠠᠶᠢᠨ᠎ᠠ᠂ ᠡᠨᠡ ᠤᠳᠠᠭ᠎ᠠ ᠪᠢᠳᠡ ᠰᠠᠨᠠᠭᠠᠴᠢᠯᠠᠭ᠎ᠠ ᠠᠴᠠ ᠪᠠᠨ ᠬᠦᠷᠴᠦ ᠢᠷᠡᠭᠰᠡᠨ ᠨᠢ ᠥᠪᠥᠷ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠬᠥᠭᠵᠢᠯᠲᠡ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠶᠢᠨ ᠲᠥᠯᠥᠭᠡ ᠶᠤᠮ ᠭᠡᠵᠦ ᠬᠡᠯᠡᠪᠡ᠃
ᠬᠤᠸᠠᠩ ᡁᠢ ᠴᠢᠶᠠᠩ᠂ ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ᠃