ᠵᠤᠬᠢᠶᠠᠭᠴᠢ:
ᠴᠠᠭ:2023-02-24
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠵᠠᠢ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 2023 2 ᠰᠠᠷ᠎ᠠ ᠶᠢᠨ 21 ᠤ ᠡᠳᠦᠷ ᠬᠤᠷᠠᠯ ᠬᠤᠷᠠᠯᠳᠤᠭᠤᠯᠵᠤ ᠡᠨᠡ ᠵᠢᠯ ᠤᠨ 2 ᠰᠠᠷ᠎ᠠ ᠶᠢᠨ 26 ᠤ ᠡᠳᠦᠷ ᠠᠴᠠ 28 ᠤ ᠡᠳᠦᠷ ᠪᠤᠯᠲᠠᠯ᠎ᠠ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠢ ᠬᠤᠷᠠᠯᠳᠤᠭᠤᠯᠬᠤ ᠪᠠᠷ ᠲᠣᠭᠲᠠᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠪᠡ ᠃
ᠬᠤᠷᠠᠯ ᠠᠴᠠ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠠᠴᠠ ᠲᠥᠪ ᠬᠤᠷᠢᠶ᠎ᠠ ᠳᠤ ᠬᠢᠭᠰᠡᠨ ᠠᠵᠢᠯ ᠤᠨ ᠮᠡᠳᠡᠭᠦᠯᠦᠯᠲᠡ ᠶᠢ ᠶᠠᠷᠢᠯᠴᠠᠵᠠᠢ ᠃
ᠬᠤᠷᠠᠯ ᠠᠴᠠ 《ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ 》 ᠤᠨ ᠨᠣᠣᠷᠠᠭ ᠢ ᠶᠠᠷᠢᠯᠴᠠᠵᠤ ᠂ ᠡᠨᠡ ᠤᠳᠠᠭ᠎ᠠ ᠶᠢᠨ ᠬᠤᠷᠠᠯ ᠤᠨ ᠶᠠᠷᠢᠯᠴᠠᠭᠰᠠᠨ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠭᠰᠠᠨ ᠤ ᠳᠠᠷᠠᠭ᠎ᠠ ᠪᠢᠴᠢᠭ ᠮᠠᠲ᠋ᠧᠷᠢᠶᠠᠯ ᠤᠨ ᠨᠣᠣᠷᠠᠭ ᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠬᠤ ᠪᠠᠷ ᠲᠣᠭᠲᠠᠪᠠ ᠃
ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠤᠯᠤᠰ ᠤᠨ ᠵᠠᠰᠠᠯᠲᠠ ᠶᠢᠨ ᠰᠢᠰᠲᠸᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠡᠭᠦᠷᠭᠡ ᠪᠤᠯᠭᠠᠵᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠂ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠬᠤ ᠂ ᠰᠢᠯᠢᠳᠡᠭᠵᠢᠭᠦᠯᠬᠦ ᠵᠣᠬᠢᠴᠠᠭᠤᠯᠬᠤ ᠥᠨᠳᠥᠷ ᠦᠷ᠎ᠡ ᠪᠦᠲᠦᠮᠵᠢᠲᠡᠢ ᠪᠠᠶᠢᠯᠭᠠᠬᠤ ᠶᠢ ᠪᠠᠷᠢᠮᠲᠠᠯᠠᠬᠤ ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠵᠠᠷᠴᠢᠮ ᠤᠨ ᠶᠣᠰᠣᠭᠠᠷ ᠂ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠨᠠᠮ ᠪᠠ ᠤᠯᠤᠰ ᠤᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠰᠢᠰᠲ᠋ᠧᠮᠳᠦ ᠴᠢᠨᠠᠷᠲᠠᠢ ᠂ ᠪᠦᠬᠦᠯᠢ ᠴᠣᠭᠴᠠᠲᠤ ᠴᠢᠨᠠᠷᠲᠠᠢ ᠳᠠᠭᠢᠨ ᠴᠣᠭᠴᠠᠯᠠᠬᠤ ᠶᠢ ᠪᠡᠶᠡᠯᠡᠭᠦᠯᠵᠦ ᠂ ᠨᠠᠮ ᠪᠠ ᠤᠯᠤᠰ ᠤᠨ ᠠᠵᠢᠯ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠬᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠥᠭᠡᠳ ᠨᠠᠮ ᠪᠠ ᠤᠯᠤᠰ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠳᠤ ᠬᠤᠪᠣᠷ ᠨᠠᠨᠳᠢᠨ ᠲᠤᠷᠰᠢᠯᠭ᠎ᠠ ᠬᠤᠷᠠᠮᠳᠤᠭᠤᠯᠤᠨ ᠥᠭᠴᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠪᠠᠶᠢᠷᠢᠯᠠᠭᠤᠯᠤᠯᠲᠠ ᠬᠢᠭᠰᠡᠨ ᠨᠢ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠠᠯᠤᠰ ᠭᠡᠳᠦ ᠶᠢᠨ ᠠᠴᠢ ᠬᠤᠯᠪᠣᠭᠳᠠᠯ ᠲᠠᠢ ᠃ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠤᠯᠤᠰ ᠤᠨ ᠵᠠᠰᠠᠯᠲᠠ ᠶᠢᠨ ᠰᠢᠰᠲᠸᠮᠵᠢ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠪᠠᠷ ᠤᠳᠤᠷᠢᠳᠤᠮᠵᠢ ᠪᠤᠯᠭᠠᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ 《ᠲᠠᠪᠤ ᠶᠢ ᠨᠢᠭᠡ ᠴᠣᠭᠴᠠᠵᠢᠭᠤᠯᠬᠤ 》 ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠂ 《ᠳᠥᠷᠪᠡᠨ ᠪᠦᠭᠦ ᠲᠠᠯ᠎ᠠ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠱᠠᠭᠠᠷᠳᠠᠯᠭ᠎ᠠ ᠳᠤ ᠵᠣᠬᠢᠴᠠᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠳᠤ ᠵᠣᠬᠢᠴᠠᠵᠤ ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ ᠂ ᠨᠠᠮ ᠤᠨ ᠲᠥᠪ ᠬᠤᠷᠢᠶ᠎ᠠ ᠶᠢᠨ ᠪᠠᠶᠢᠭᠤᠯᠤᠮᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠮᠵᠢ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠂ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠤᠮᠵᠢ ᠶᠢ ᠨᠢᠭᠡᠳᠦᠯᠲᠡᠢ ᠲᠥᠯᠥᠪᠵᠢᠭᠦᠯᠵᠦ ᠂ ᠲᠥᠪ ᠬᠤᠷᠢᠶ᠎ᠠ ᠪᠣᠯᠣᠨ ᠣᠷᠣᠨ ᠨᠤᠲᠤᠭ ᠢ ᠨᠢᠭᠡᠳᠦᠯᠲᠡᠢ ᠲᠥᠯᠥᠪᠵᠢᠭᠦᠯᠵᠦ ᠂ ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠪᠠᠶᠢᠭᠤᠯᠤᠮᠵᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠨᠵᠢᠯᠡᠬᠦ ᠤᠬᠠᠭᠠᠨᠴᠢ ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢᠨ ᠲᠠᠯ᠎ᠠ ᠪᠠᠷ ᠨᠡᠩ ᠰᠢᠯᠢᠳᠡᠭ ᠂ ᠪᠠᠢᠭᠤᠯᠤᠯ ᠲᠣᠭᠲᠠᠴᠠ ᠶᠢᠨ ᠲᠠᠯ᠎ᠠ ᠪᠠᠷ ᠨᠡᠩ ᠲᠡᠭᠦᠯᠳᠡᠷ ᠂ ᠡᠷᠭᠢᠯᠲᠡ ᠬᠠᠮᠢᠶᠠᠷᠤᠯᠲᠠ ᠶᠢᠨ ᠲᠠᠯ᠎ᠠ ᠪᠠᠷ ᠨᠡᠩ ᠥᠨᠳᠥᠷ ᠦᠷ᠎ᠡ ᠪᠦᠲᠦᠮᠵᠢᠲᠡᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃
ᠬᠤᠷᠠᠯ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠲᠠᠨᠢᠯᠴᠠᠭᠤᠯᠤᠨ ᠳᠡᠪᠰᠢᠭᠦᠯᠭᠦ ᠲᠥᠷᠥ ᠶᠢᠨ ᠪᠠᠶᠢᠭᠤᠯᠤᠮᠵᠢ ᠶᠢᠨ ᠤᠳᠤᠷᠢᠳᠬᠤ ᠬᠥᠮᠥᠰ ᠤᠨ ᠰᠠᠨᠠᠭᠤᠯᠭ᠎ᠠ ᠶᠢᠨ ᠵᠢᠱᠢᠭᠳᠡᠭᠰᠡᠳ ᠪᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠬᠤᠷᠢᠶ᠎ᠠ ᠶᠢᠨ ᠠᠩᠬᠠᠳᠤᠭᠠᠷ ᠬᠤᠷᠠᠯ ᠳᠤ ᠲᠠᠨᠢᠯᠴᠠᠭᠤᠯᠤᠨ ᠳᠡᠪᠰᠢᠭᠦᠯᠭᠦ ᠪᠦᠭᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠬᠥᠮᠥᠰ ᠤᠨ ᠰᠠᠨᠠᠭᠤᠯᠭ᠎ᠠ ᠶᠢᠨ ᠵᠢᠱᠢᠭᠳᠡᠭᠰᠡᠳ ᠢ ᠶᠠᠷᠢᠯᠴᠠᠪᠠ ᠃
ᠬᠤᠷᠠᠯ ᠠᠴᠠ ᠳᠡᠭᠡᠷᠡᠬᠢ ᠠᠭᠤᠯᠭ᠎ᠠ ᠶᠢ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠥᠪᠯᠡᠭᠦ ᠵᠦᠢᠯ ᠢᠶᠠᠷ ᠲᠣᠭᠲᠠᠭᠠᠪᠠ ᠃
ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠦᠨ ᠬᠢᠨᠠᠨ ᠵᠦᠪᠯᠡᠭᠦᠯᠭᠦ ᠪᠠᠷ ᠪᠠᠶᠢᠭ᠎ᠠ 《ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠤᠨ ᠨᠣᠣᠷᠠᠭ ᠢ ᠶᠠᠷᠢᠯᠴᠠᠵᠠᠢ ᠃ ᠬᠤᠷᠠᠯ ᠠᠴᠠ ᠂ ᠥᠩᠭᠡᠷᠡᠭᠰᠡᠨ ᠨᠢᠭᠡ ᠵᠢᠯ ᠪᠣᠯ ᠨᠠᠮ ᠪᠠ ᠤᠯᠤᠰ ᠤᠨ ᠲᠡᠦᠬᠡᠨ ᠳᠡᠭᠡᠷᠡᠬᠢ ᠲᠤᠶᠢᠯ ᠤᠨ ᠴᠢᠬᠤᠯᠠ ᠨᠢᠭᠡ ᠵᠢᠯ ᠪᠣᠯᠣᠨ᠎ᠠ ᠃ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠪᠠᠷ ᠬᠤᠷᠠᠯᠳᠤᠭᠤᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠵᠢᠷᠤᠭ ᠲᠥᠰᠥᠪ ᠢ ᠵᠢᠷᠤᠭᠯᠠᠵᠠᠢ ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠳᠡᠶᠢᠯᠭᠦ ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ ᠂ ᠠᠵᠤ ᠠᠬᠤᠢ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ ᠃ ᠥᠩᠭᠡᠷᠡᠭᠰᠡᠨ 5 ᠵᠢᠯ ᠪᠣᠯ ᠲᠤᠶᠢᠯ ᠤᠨ ᠶᠡᠷᠦ ᠪᠤᠰᠤ ᠶᠢᠨ ᠪᠠᠶᠢᠵᠤ ᠂ ᠪᠢᠳᠡ ᠡᠯ᠎ᠡ ᠵᠦᠢᠯ ᠤᠨ ᠬᠦᠴᠢᠷᠳᠡᠯ ᠪᠠ ᠲᠦᠭᠰᠢᠭᠦᠷᠢ ᠶᠢᠨ ᠰᠢᠯᠭᠠᠯᠲᠠ ᠶᠢ ᠪᠦᠳᠦᠮᠵᠢᠳᠡᠢ ᠠᠷᠭᠠᠴᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ ᠂ ᠲᠣᠭᠲᠠᠭᠰᠠᠨ ᠬᠤᠭᠤᠴᠠᠭᠠᠨ ᠳᠠᠭᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠂ ᠲᠣᠭᠲᠠᠭᠰᠠᠨ ᠬᠤᠭᠤᠴᠠᠭᠠᠨ ᠳᠠᠭᠠᠨ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ ᠂ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠴᠢᠬᠤᠯᠠ ᠶᠡᠭᠡ ᠠᠮᠵᠢᠯᠲᠠ ᠪᠦᠲᠦᠮᠵᠢ ᠣᠯᠣᠭᠰᠠᠨ ᠪᠠᠶᠢᠨ᠎ᠠ ᠭᠡᠵᠦ ᠦᠵᠡᠪᠡ ᠃
ᠬᠤᠷᠠᠯ ᠠᠴᠠ ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠡᠭᠢᠯᠡᠯᠲᠡ ᠶᠢᠨ ᠵᠢᠯ ᠮᠥᠨ ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠵᠠᠬ᠎ᠠ ᠳᠡᠯᠭᠡᠭᠦᠷ ᠤᠨ ᠢᠲᠡᠭᠡᠯ ᠢ ᠶᠡᠬᠡᠪᠡᠷ ᠳᠡᠭᠡᠭᠰᠢᠯᠡᠭᠦᠯᠵᠦ ᠂ ᠳᠣᠲᠣᠭᠠᠳᠤ ᠬᠡᠷᠡᠭᠯᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠣᠷᠭᠠᠨᠢᠭ ᠢᠶᠠᠷ ᠤᠶᠠᠯᠳᠤᠭᠤᠯᠵᠤ ᠂ ᠨᠡᠮᠡᠭᠳᠡᠯ ᠢ ᠲᠣᠭᠲᠠᠪᠤᠷᠢᠵᠢᠭᠤᠯᠬᠤ ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠠᠵᠢᠯ ᠢ ᠲᠣᠪᠣᠶᠢᠮ᠎ᠠ ᠰᠠᠶᠢᠲᠤᠷ ᠬᠢᠵᠦ ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ ᠂ ᠠᠵᠤ ᠠᠬᠤᠢ ᠶᠢᠨ ᠡᠷᠭᠢᠯᠲᠡ ᠶᠢᠨ ᠪᠦᠬᠦᠯᠢ ᠴᠣᠭᠴᠠ ᠪᠠᠷ ᠢᠶᠠᠨ ᠰᠠᠶᠢᠵᠢᠷᠠᠬᠤ ᠶᠢ ᠠᠬᠢᠭᠤᠯᠵᠤ ᠂ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠵᠦ ᠂ ᠠᠷᠠᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ ᠢ ᠰᠠᠶᠢᠬᠠᠨ ᠡᠭᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠶᠢ ᠪᠠᠷᠢᠮᠲᠠᠯᠠᠵᠤ ᠂ ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠪᠠ ᠯᠠᠪᠳᠠᠭᠤᠨ ᠲᠣᠭᠲᠠᠭᠤᠨ ᠵᠣᠭᠤᠰᠤᠨ ᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠂ ᠡᠯ᠎ᠡ ᠲᠥᠷᠥᠯ ᠤᠨ ᠲᠥᠷᠥ ᠶᠢᠨ ᠪᠣᠳᠣᠯᠭ᠎ᠠ ᠶᠢᠨ ᠵᠣᠭᠢᠴᠠᠯᠴᠠᠭᠠ ᠬᠠᠮᠵᠢᠯᠴᠠᠭ᠎ᠠ ᠶᠢ ᠴᠢᠩᠭᠠᠳᠬᠠᠨ ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠃ ᠤᠯᠤᠰ ᠤᠨ ᠳᠣᠲᠣᠭᠠᠳᠤ ᠶᠢᠨ ᠬᠡᠷᠡᠭᠯᠡᠭᠡ ᠶᠢ ᠬᠦᠴᠦᠯᠡᠨ ᠥᠷᠭᠡᠳᠬᠡᠵᠦ ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ ᠂ 《 ᠬᠤᠶᠠᠷ ᠡᠷᠡᠰ ᠭᠤᠶᠢᠪᠢᠰᠢ ᠦᠭᠡᠢ 》 ᠶᠢ ᠦᠨᠡᠨ ᠬᠦ ᠨᠠᠶᠢᠳᠠᠪᠤᠷᠢᠵᠢᠭᠤᠯᠵᠤ ᠂ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠵᠤ ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠪᠠᠷ ᠰᠡᠷᠭᠡᠶᠢᠯᠡᠨ ᠠᠷᠢᠯᠭᠠᠵᠤ ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠭᠤᠨ ᠪᠠᠶᠢᠯᠭᠠᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠵᠤ ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠠᠬᠢᠭᠤᠯᠵᠤ ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ ᠪᠠ ᠨᠡᠶᠢᠭᠡᠮ ᠤᠨ ᠦᠢᠯᠡᠰ ᠢ ᠬᠥᠭᠵᠢᠭᠦᠯᠵᠦ ᠂ ᠡᠨᠡ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠃ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃