ᠵᠤᠬᠢᠶᠠᠭᠴᠢ:
ᠴᠠᠭ:2023-02-24
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠮᠠᠨ ᠤ ᠣᠷᠣᠨ ᠳᠤ ᠢᠷᠡᠵᠦ ᠬᠠᠮᠲᠤᠷᠠᠯᠴᠠᠭ᠎ᠠ ᠬᠢᠬᠦ ᠪᠠᠷ ᠵᠥᠪᠳᠡᠯᠴᠡᠪᠡ ᠰᠦᠨ ᠱᠤᠤ ᠴᠧᠩ ᠸᠠᠩ ᠯᠢ ᠰᠢᠶᠠ ᠨᠠᠷ ᠸᠠᠩ ᠲᠦᠩ ᠵᠧᠦ ᠲᠠᠢ ᠠᠭᠤᠯᠵᠠᠪᠠ
ᠰᠢᠨ᠎ᠡ ᠵᠢᠯ ᠤᠨ ᠳᠠᠷᠠᠭ᠎ᠠ᠂ ᠥᠪᠥᠷ ᠮᠣᠩᠭᠤᠯ ᠤᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠠᠵᠢᠯ ᠬᠥᠭᠵᠢᠶᠡᠨᠲᠡᠢ ᠶᠠᠪᠤᠭᠳᠠᠵᠤ᠂ ᠬᠠᠮᠲᠤᠷᠠᠯᠴᠠᠭ᠎ᠠ ᠬᠢᠬᠦ ᠪᠠᠷ ᠵᠥᠪᠳᠡᠯᠴᠡᠬᠦ᠂ ᠬᠤᠳᠠᠯᠳᠤᠭᠠᠨ ᠤ ᠲᠣᠭᠢᠶᠠᠯ ᠡᠷᠢᠭᠰᠡᠨ ᠵᠣᠴᠢᠳ ᠬᠤᠶᠢᠨ᠎ᠠ ᠬᠤᠶᠢᠨ᠎ᠠ ᠠᠴᠠ ᠪᠠᠨ ᠢᠷᠡᠵᠡᠭᠡᠪᠡ᠃ 2023 2 ᠰᠠᠷ᠎ᠠ ᠶᠢᠨ 21 ᠤ ᠡᠳᠦᠷ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠸᠠᠩ ᠲᠦᠩ ᠵᠧᠦ ᠪᠦᠯᠭᠦᠮ ᠳᠠᠭᠠᠭᠤᠯᠤᠨ ᠮᠠᠨ ᠤ ᠣᠷᠣᠨ ᠳᠤ ᠭᠦᠨᠵᠡᠭᠡᠢ ᠵᠥᠪᠳᠡᠯᠴᠡᠭᠡ ᠬᠢᠵᠦ᠂ ᠬᠠᠮᠲᠤᠷᠠᠯᠴᠠᠭ᠎ᠠ ᠬᠢᠬᠦ ᠪᠠᠷ ᠢᠷᠡᠪᠡ᠃ ᠰᠦᠨ ᠱᠤᠤ ᠴᠧᠩ᠂ ᠸᠠᠩ ᠯᠢ ᠰᠢᠶᠠ ᠭᠦᠭᠡᠬᠤᠲᠠ ᠳᠤ ᠸᠠᠩ ᠲᠦᠩ ᠵᠧᠦ ᠨᠠᠷ ᠲᠠᠢ ᠠᠭᠤᠯᠵᠠᠪᠠ᠃
ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠪᠣᠯ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠣᠨᠴᠠ ᠲᠣᠮᠣ ᠭᠡᠯᠪᠡᠷᠢ ᠶᠢᠨ ᠲᠥᠪ ᠤᠨ ᠠᠵᠤ ᠠᠬᠤᠶᠢᠯᠠᠯ ᠪᠣᠯᠣᠨ᠎ᠠ᠃ ᠲᠡᠯᠡᠶ ᠬᠠᠭᠤᠷᠠᠢ ᠠᠭᠠᠷ ᠤᠨ ᠵᠠᠮ ᠬᠠᠷᠢᠯᠴᠠᠭᠠᠨ ᠤ ᠰᠠᠭᠤᠷᠢ ᠪᠡᠯᠡᠳᠭᠡᠮᠵᠢ ᠵᠡᠷᠭᠡ ᠬᠦᠷᠢᠶᠡᠨ ᠳᠤ ᠲᠥᠯᠦᠪᠵᠢᠭᠦᠯᠭᠡ᠂ ᠵᠢᠷᠤᠭ ᠲᠥᠯᠥᠪᠯᠡᠭᠡ᠂ ᠪᠦᠲᠦᠭᠡᠨ ᠪᠠᠶᠢᠭᠤᠯᠤᠯᠲᠠ᠂ ᠪᠡᠯᠡ ᠣᠷᠣᠭᠤᠯᠤᠯᠲᠠ᠂ ᠡᠵᠡᠩᠨᠡᠯᠲᠡ ᠵᠡᠷᠭᠡ ᠪᠦᠭᠦ ᠠᠵᠤ ᠦᠢᠯᠡᠰ ᠤᠨ ᠬᠡᠯᠬᠢᠶ᠎ᠡ ᠶᠢ ᠨᠢᠭᠡ ᠴᠣᠭᠴᠠᠵᠢᠭᠤᠯᠤᠭᠰᠠᠨ ᠦᠢᠯᠡᠴᠢᠯᠡᠭᠡᠨ ᠤ ᠳᠠᠪᠠᠭᠤᠯᠢᠭ ᠢ ᠪᠦᠷᠢᠯᠳᠦᠭᠦᠯᠵᠡᠢ᠃ 《ᠠᠷᠪᠠᠨ ᠭᠤᠷᠪᠠᠳᠤᠭᠠᠷ ᠲᠠᠪᠤᠨ ᠵᠢᠯ》 ᠤᠨ ᠲᠥᠯᠦᠪᠵᠢᠭᠦᠯᠭᠡ ᠠᠴᠠ ᠨᠠᠭᠠᠰᠢ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠥᠪᠥᠷ ᠮᠣᠩᠭᠤᠯ ᠳᠤ ᠨᠡᠶᠢᠲᠡ ᠰᠢᠨ᠎ᠡ ᠪᠠᠷ ᠲᠣᠭᠲᠠᠭᠰᠠᠨ ᠭᠡᠷ᠎ᠡ ᠶᠢᠨ ᠵᠣᠭᠤᠰ ᠤᠨ ᠲᠤᠭ᠎ᠠ ᠪᠠᠷᠤᠭ 1200 ᠳ᠋ᠦᠩᠰᠢᠭᠤᠷ ᠲᠥᠭᠦᠷᠢᠭ ᠲᠤ ᠬᠦᠷᠴᠦ᠂ ᠵᠠᠮ ᠬᠠᠷᠢᠯᠴᠠᠭᠠᠨ ᠤ ᠰᠠᠭᠤᠷᠢ ᠪᠦᠲᠦᠭᠡᠨ ᠪᠠᠶᠢᠭᠤᠯᠤᠯᠲᠠ᠂ ᠬᠤᠲᠠ ᠶᠢᠨ ᠶᠡᠷᠦᠩᠬᠡᠶᠢᠯᠡᠭᠰᠡᠨ ᠨᠡᠭᠡᠭᠡᠨ ᠬᠥᠭᠵᠢᠭᠦᠯᠦᠯᠲᠡ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠵᠡᠷᠭᠡ ᠣᠯᠠᠨ ᠬᠦᠷᠢᠶᠡᠨ ᠳᠤ ᠬᠤᠯᠪᠣᠭᠳᠠᠵᠠᠢ᠃ ᠣᠳᠣᠬᠠᠨ ᠳᠤ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠭᠡᠷ᠎ᠡ ᠶᠢᠨ ᠵᠣᠭᠤᠰ ᠤᠨ ᠲᠤᠭ᠎ᠠ ᠪᠠᠷᠤᠭ 400 ᠳ᠋ᠦᠩᠰᠢᠭᠤᠷ ᠲᠥᠭᠦᠷᠢᠭ ᠲᠤ ᠬᠦᠷᠴᠡᠢ᠃
ᠠᠭᠤᠯᠵᠠᠯᠲᠠ ᠶᠢᠨ ᠳᠤᠮᠳᠠ᠂ ᠰᠦᠨ ᠱᠤᠤ ᠴᠧᠩ᠂ ᠥᠪᠥᠷ ᠮᠣᠩᠭᠤᠯ ᠪᠣᠯ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ᠂ ᠬᠥᠭᠵᠢᠯᠲᠡ ᠪᠠᠷ ᠠᠨᠠᠢ ᠭᠠᠵᠠᠷ ᠣᠷᠣᠨ ᠪᠣᠯᠣᠨ᠎ᠠ᠃ ᠭᠠᠵᠠᠷ ᠨᠤᠲᠤᠭ ᠥᠷᠭᠡᠨ ᠠᠭᠤᠳᠠᠮ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠬᠤᠳᠠ ᠶᠢᠨ ᠶᠠᠪᠤᠳᠠᠯ ᠵᠡᠷᠭᠡ ᠲᠠᠯ᠎ᠠ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠮᠠᠰᠢ ᠶᠡᠭᠡ ᠳᠤᠲᠠᠭᠤᠳᠠᠵᠤ ᠂ ᠬᠡᠷᠡᠭᠴᠡᠭᠡ ᠯᠤᠲᠤ ᠶᠡᠭᠡ ᠪᠠᠶᠢᠨ᠎ᠠ᠃ ᠤᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠵᠤ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠲᠠᠢ ᠬᠠᠮᠲᠤᠷᠠᠯᠴᠠᠭ᠎ᠠ ᠬᠢᠵᠦ ᠪᠤᠯᠬᠤ ᠬᠦᠷᠢᠶ᠎ᠡ ᠮᠠᠰᠢ ᠥᠷᠭᠡᠨ ᠪᠠᠶᠢᠨ᠎ᠠ᠃ ᠲᠠ ᠨᠠᠷ ᠲᠤ ᠪᠣᠳᠠᠲᠤ ᠬᠦᠴᠦᠨ ᠲᠠᠢ᠂ ᠪᠢᠳᠡᠨ ᠳᠤ ᠬᠡᠷᠡᠭᠴᠡᠭᠡ ᠱᠠᠭᠠᠷᠳᠠᠯᠭ᠎ᠠ ᠲᠠᠢ᠂ ᠬᠤᠶᠠᠷ ᠲᠠᠯ᠎ᠠ ᠪᠠᠷ ᠢᠶᠠᠨ ᠪᠠᠶᠢᠩᠭᠤᠵᠢᠭᠰᠠᠨ ᠵᠣᠯᠭᠠᠯᠴᠠᠭ᠎ᠠ ᠬᠢᠬᠦ ᠲᠣᠭᠲᠠᠴᠠ ᠶᠢ ᠪᠠᠶᠢᠭᠤᠯᠵᠤ᠂ ᠪᠣᠳᠠᠲᠠᠢ ᠵᠣᠯᠭᠠᠭᠤᠯᠬᠤ ᠰᠠᠯᠠᠭ᠎ᠠ ᠮᠥᠴᠢᠷ ᠢ ᠲᠣᠳᠣᠷᠬᠠᠶᠢᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠨᠡᠩ ᠤᠯᠠᠨ ᠦᠨᠡᠨ ᠪᠣᠳᠠᠲᠠᠢ ᠬᠠᠮᠲᠤᠷᠠᠯᠴᠠᠭᠠᠨ ᠤ ᠲᠦᠷᠦᠯ ᠵᠦᠢᠯ ᠪᠣᠯᠣᠨ ᠦᠷ᠎ᠡ ᠪᠦᠲᠦᠭᠡᠯ ᠢ ᠲᠦᠷᠭᠡᠨ ᠪᠦᠷᠢᠯᠳᠦᠭᠦᠯᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠨ ᠥᠪᠥᠷ ᠮᠣᠩᠭᠤᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠢᠯᠡᠭᠦᠬᠡᠨ ᠳᠠᠭᠠᠭᠤᠯᠤᠨ ᠬᠠᠮᠲᠤ ᠪᠠᠷ ᠠᠵᠢᠯᠯᠠᠵᠤ᠂ ᠪᠢᠳᠡᠨ ᠢ ᠬᠠᠪᠰᠤᠷᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠭᠦ ᠶᠢ ᠬᠦᠰᠡᠵᠦ ᠪᠠᠶᠢᠨ᠎ᠠ ᠭᠡᠵᠡᠢ᠃
ᠸᠠᠩ ᠲᠦᠩ ᠵᠧᠦ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠳᠤ ᠦᠵᠡᠭᠦᠯᠦᠭᠰᠡᠨ ᠬᠠᠯᠠᠮᠵᠢᠯᠠᠯ ᠪᠠ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠦᠨᠳᠦᠰᠦᠨ ᠪᠠᠶᠢᠳᠠᠯ᠂ ᠣᠶᠢᠷ᠎ᠠ ᠶᠢᠨ ᠬᠤᠭᠤᠴᠠᠭᠠᠨ ᠤ ᠬᠥᠭᠵᠢᠯᠲᠡ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠰᠡᠳᠬᠢᠮᠵᠢ ᠶᠢ ᠲᠠᠨᠢᠯᠴᠠᠭᠤᠯᠪᠠ᠃ ᠲᠡᠷᠡ᠂ ᠳᠤᠮᠳᠠᠳᠤ ᠤᠯᠤᠰ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠨ ᠲᠣᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠳᠡᠮᠵᠢᠵᠦ᠂ ᠣᠷᠣᠨ ᠨᠤᠲᠤᠭ ᠤᠨ ᠬᠥᠭᠵᠢᠯᠲᠡ ᠳᠤ ᠦᠢᠯᠡᠴᠢᠯᠡᠬᠦ ᠡᠭᠦᠳᠡᠨ ᠠᠴᠠ ᠢᠯᠡᠭᠦᠬᠡᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ᠂ ᠬᠤᠪᠢᠶᠠᠷᠢ ᠺᠤᠮᠫᠠᠨᠢ ᠪᠠᠶᠢᠭᠤᠯᠬᠤ ᠶᠢ ᠰᠦᠪᠡᠭᠴᠢᠯᠡᠬᠦ ᠵᠡᠷᠭᠡ ᠠᠷᠭ᠎ᠠ ᠪᠠᠷ ᠳᠠᠮᠵᠢᠭᠤᠯᠤᠨ ᠨᠠᠩ ᠣᠯᠠᠨ ᠠᠰᠢᠭ ᠣᠷᠣᠯᠭ᠎ᠠ ᠶᠢ ᠲᠤᠬᠠᠢ ᠶᠢᠨ ᠭᠠᠵᠠᠷ ᠲᠤ ᠬᠦᠷᠲᠡᠭᠡᠵᠦ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠲᠤᠷ ᠳᠡᠮᠵᠢᠨ᠎ᠡ ᠭᠡᠵᠦ ᠬᠡᠯᠡᠪᠡ᠃
ᠬᠤᠸᠠᠩ ᡁᠢ ᠴᠢᠶᠠᠩ᠂ ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃