ᠵᠤᠬᠢᠶᠠᠭᠴᠢ:
ᠴᠠᠭ:2023-02-24
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
8 ᠪᠠᠩᠬᠢ ᠠᠴᠠ 14 ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠲᠠᠢ ᠪᠡᠯᠡ ᠲᠣᠬᠢᠷᠠᠭᠤᠯᠬᠤ ᠵᠢᠭᠡᠯᠡᠯᠭᠡ ᠶᠢᠨ ᠬᠡᠯᠡᠯᠴᠡᠭᠡᠷ ᠲᠣᠭᠲᠠᠪᠠ
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠭᠢᠯᠡᠵᠦ᠂ ᠳᠤᠮᠳᠠᠳᠤ ᠤᠯᠤᠰ ᠤᠨ ᠠᠵᠦ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠠᠴᠠ ᠳᠠᠭᠠᠭᠠᠨ ᠡᠷᠭᠢᠯᠡᠭᠰᠡᠨ 《ᠮᠥᠩᠭᠦᠨ ᠭᠦᠢᠯᠭᠡᠭᠡᠨ ᠢᠶᠠᠷ ᠰᠣᠶᠣᠯ ᠪᠠ ᠵᠢᠭᠤᠯᠴᠢᠯᠠᠯ ᠤᠨ ᠠᠵᠢᠯ ᠲᠥᠷᠥᠯ ᠤᠨ ᠬᠥᠭᠵᠢᠯᠲᠡ ᠶᠢ ᠳᠡᠮᠵᠢᠬᠦ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ》 ᠶᠠᠪᠤᠭᠳᠠᠵᠤ᠂ 8 ᠪᠠᠩᠬᠢ ᠠᠴᠠ ᠮᠠᠨ ᠤ ᠣᠷᠣᠨ ᠤ 14 ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠲᠠᠢ ᠪᠡᠯᠡ ᠲᠣᠬᠢᠷᠠᠭᠤᠯᠬᠤ ᠵᠢᠭᠡᠯᠡᠯᠭᠡ ᠶᠢᠨ ᠬᠡᠯᠡᠯᠴᠡᠭᠡᠷ ᠲᠣᠭᠲᠠᠵᠤ᠂ ᠰᠠᠨᠠᠮᠵᠢ ᠶᠢᠨ ᠵᠣᠭᠤᠰ ᠤᠨ ᠲᠤᠭ᠎ᠠ ᠨᠢ 35 ᠳ᠋ᠦᠩᠰᠢᠭᠤᠷ ᠲᠥᠭᠦᠷᠢᠭ ᠲᠤ ᠬᠦᠷᠴᠡᠢ᠃
ᠲᠤᠰ ᠤᠳᠠᠭ᠎ᠠ ᠶᠢᠨ ᠵᠣᠯᠭᠠᠭᠤᠯᠬᠤ ᠬᠤᠷᠠᠯ ᠨᠢ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠪᠠᠷ ᠳᠠᠮᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ ᠠᠰᠠᠭᠤᠳᠠᠯ ᠢ ᠰᠢᠢᠳᠪᠦᠷᠢᠯᠡᠵᠦ᠂ ᠰᠣᠶᠣᠯ ᠵᠢᠭᠤᠯᠴᠢᠯᠠᠯ ᠤᠨ ᠠᠵᠢᠯ ᠲᠦᠷᠦᠯ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠥᠪᠥᠷ ᠮᠣᠩᠭᠤᠯ ᠢ ᠬᠤᠪᠢ ᠪᠠᠷ ᠢᠶᠠᠨ ᠮᠠᠰᠢᠨ ᠲᠡᠷᠭᠡ ᠵᠢᠯᠣᠭᠤᠳᠤᠨ ᠵᠤᠭᠠᠴᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠨ ᠵᠤᠭᠠᠴᠠᠬᠤ ᠰᠠᠶᠢᠨ ᠰᠣᠩᠭᠤᠯᠲᠠ ᠶᠢᠨ ᠭᠠᠵᠠᠷ᠂ ᠠᠮᠠᠷᠠᠯᠲᠠ ᠪᠠᠷ ᠵᠤᠭᠠᠴᠠᠬᠤ ᠳᠤ ᠵᠠᠪᠠᠯ ᠰᠣᠩᠭᠤᠬᠤ ᠭᠠᠵᠠᠷ᠂ ᠡᠷᠡᠭᠦᠯ ᠡᠩᠬᠡ ᠰᠤᠪᠢᠯᠠᠯᠲᠠ ᠬᠢᠵᠦ ᠵᠤᠭᠠᠴᠠᠬᠤ ᠰᠢᠯᠢᠳᠡᠭ ᠰᠣᠩᠭᠤᠯᠲᠠ ᠶᠢᠨ ᠭᠠᠵᠠᠷ ᠪᠣᠯᠭᠠᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠪᠠᠷ ᠵᠣᠷᠢᠯᠭ᠎ᠠ ᠪᠣᠯᠭᠠᠵᠠᠢ᠃
ᠣᠶᠢᠯᠠᠭᠠᠭᠰᠠᠨ ᠢᠶᠠᠷ᠂ ᠲᠣᠰ ᠤᠳᠠᠭᠠᠨ ᠤ ᠵᠣᠯᠭᠠᠭᠤᠯᠬᠤ ᠬᠤᠷᠠᠯ ᠪᠣᠯ ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ᠠᠩᠬᠠᠳᠠᠭᠴᠢ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠪᠠᠶᠢᠵᠤ᠂ ᠵᠠᠯᠭᠠᠭᠠᠳ ᠪᠠᠰᠠ ᠪᠤᠰᠤᠳ ᠠᠶᠢᠮᠠᠭ ᠬᠤᠲᠠ ᠳᠤ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠥᠷᠨᠢᠭᠦᠯᠬᠦ ᠪᠣᠯᠣᠨ᠎ᠠ᠃