ᠵᠤᠬᠢᠶᠠᠭᠴᠢ:
ᠴᠠᠭ:2023-02-24
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠰᠦᠨ ᠱᠤᠤ ᠴᠧᠩ ᠬᠤᠷᠠᠯ ᠢ ᠡᠷᠭᠢᠯᠡᠵᠠᠢ
2023 2 ᠰᠠᠷ᠎ᠠ ᠶᠢᠨ 17 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠂ 2 ᠰᠠᠷ᠎ᠠ ᠶᠢᠨ 16 ᠤ ᠡᠳᠦᠷ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃
ᠬᠤᠷᠠᠯ ᠠᠴᠠ ᠂ ᠮᠠᠨ ᠤ ᠤᠯᠤᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠰᠢᠢᠳᠪᠦᠷᠢᠲᠦ ᠴᠢᠨᠠᠷᠲᠠᠢ ᠢᠯᠠᠯᠲᠠ ᠶᠢ ᠣᠯᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠡᠦᠬᠡᠨ ᠳᠡᠭᠡᠷ᠎ᠡ ᠬᠥᠮᠥᠨ ᠠᠮᠠ ᠣᠯᠠᠨᠲᠠᠢ ᠶᠡᠭᠡ ᠤᠯᠤᠰ ᠤᠨ ᠬᠢᠵᠢᠭ ᠶᠡᠭᠡ ᠪᠠᠷ ᠳᠡᠯᠭᠡᠷᠡᠭᠰᠡᠨ ᠪᠠᠶᠢᠳᠠᠯ ᠠᠴᠠ ᠮᠤᠯᠲᠤᠷᠠᠭᠰᠠᠨ ᠭᠠᠶᠢᠬᠠᠮᠰᠢᠭ ᠢ ᠠᠮᠵᠢᠯᠲᠠ ᠲᠠᠢ ᠡᠭᠦᠳᠦᠭᠰᠡᠨ ᠤ ᠦᠨᠳᠦᠰᠦᠨ ᠰᠢᠯᠲᠠᠭᠠᠨ ᠨᠢ《ᠬᠤᠶᠠᠷ ᠢ ᠲᠣᠭᠲᠠᠭᠠᠭᠰᠠᠨ 》 ᠳᠤ ᠪᠠᠶᠢᠨ᠎ᠠ ᠃ ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠷᠡᠰ ᠭᠤᠶᠢᠪᠢᠰᠢ ᠦᠭᠡᠢ ᠰᠠᠶᠢᠲᠤᠷ ᠬᠢᠬᠦ ᠬᠡᠷᠡᠭᠲᠡᠢ ᠃ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ ᠢ ᠣᠨᠣᠪᠴᠢᠲᠠᠶ ᠡᠵᠡᠮᠳᠡᠵᠦ ᠂ 《 ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ》ᠪᠠᠶᠢᠩᠭᠤᠵᠢᠭᠰᠠᠨ ᠱᠠᠲᠦ ᠦᠶ᠎ᠡ ᠳᠤ ᠣᠷᠣᠭᠰᠠᠨ ᠤ ᠳᠠᠷᠠᠭ᠎ᠠ ᠂ ᠪᠠᠶᠢᠳᠠᠯ ᠶᠡᠷᠦᠩᠬᠡᠢ ᠳᠡᠭᠡᠨ ᠰᠠᠶᠢᠵᠢᠷᠠᠬᠤ ᠬᠠᠨᠳᠤᠰᠢ ᠲᠠᠢ ᠪᠠᠶᠢᠬᠤ ᠶᠢ ᠭᠦᠢᠴᠡᠳ ᠣᠯᠵᠤ ᠬᠠᠷᠠᠬᠤ ᠪᠠᠷ ᠪᠠᠷᠠᠬᠤ ᠦᠭᠡᠢ ᠬᠢᠵᠢᠭ ᠤᠨ ᠪᠠᠶᠢᠳᠠᠯ ᠳᠤ ᠪᠠᠰᠠ ᠲᠣᠬᠲᠠᠭᠠᠯᠲᠤ ᠪᠤᠰᠤ ᠴᠢᠨᠠᠷ ᠣᠷᠣᠰᠢᠵᠤ ᠂ ᠸᠢᠷᠦ᠋ᠰ ᠪᠠᠰᠠ ᠲᠠᠰᠤᠷᠠᠯᠲᠠ ᠦᠭᠡᠢ ᠣᠨᠳᠣᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠂ ᠴᠠᠭ ᠢᠮᠠᠭᠲᠠ ᠰᠠᠨᠠᠭᠠᠰᠢᠷᠠᠬᠤ ᠬᠠᠷᠢᠭᠤᠴᠠᠯᠭᠠᠲᠤ ᠰᠡᠳᠬᠢᠯᠭᠡ ᠪᠠᠷ ᠳᠤᠲᠠᠭᠤᠳᠠᠯ ᠢᠶᠠᠨ ᠨᠥᠬᠦᠪᠦᠷᠢᠯᠡᠵᠦ ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲᠸ᠋ᠮᠵᠢ ᠶᠢ ᠪᠠᠶᠢᠭᠤᠯᠤᠨ ᠬᠦᠴᠦᠷᠬᠡᠭᠵᠢᠭᠦᠯᠵᠦ ᠂ ᠬᠢᠵᠢᠭ ᠤᠨ ᠪᠠᠶᠢᠳᠠᠯ ᠢ ᠬᠢᠨᠠᠨ ᠭᠡᠮᠵᠢᠭᠦ ᠪᠠ ᠪᠠᠶᠢᠩᠭᠤᠵᠢᠭᠰᠠᠨ ᠰᠡᠷᠡᠮᠵᠢᠯᠡᠭᠦᠯᠭᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠢᠨ᠎ᠡ ᠱᠠᠲᠤ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠬᠠᠷᠢᠭᠤ ᠵᠠᠬᠢᠳᠠᠯ ᠪᠣᠯᠣᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠭᠠᠳᠠᠭᠰᠢ ᠪᠠᠨ ᠭᠠᠷᠴᠤ ᠡᠮᠴᠢᠯᠡᠭᠡᠨ ᠤ ᠲᠤᠰᠠᠯᠠᠮᠵᠢ ᠦᠵᠡᠭᠦᠯᠭᠦ ᠪᠠ ᠣᠳᠣᠬᠠᠨ ᠤ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ ᠃
ᠬᠤᠷᠠᠯ ᠠᠴᠠ ᠂ 2022 ᠣᠨ ᠳᠤ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠂ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠭᠤᠣᠯᠳᠠᠯᠭ᠎ᠠ ᠪᠠ ᠶᠡᠭᠡ ᠲᠠᠯ᠎ᠠ ᠶᠢᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠠᠵᠢᠯ ᠢᠶᠠᠨ ᠦᠷ᠎ᠡ ᠪᠦᠲᠦᠮᠵᠢᠲᠡᠢ ᠥᠷᠨᠢᠭᠦᠯᠵᠦ ᠂ ᠭᠢᠯᠠᠰ ᠴᠡᠭ ᠤᠯᠠᠨ ᠂ ᠰᠢᠪᠲᠤᠯᠤᠯᠲᠠ ᠲᠠᠢ ᠪᠣᠯᠭᠠᠪᠠ ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠡᠭᠢᠯᠡᠯᠲᠡ ᠶᠢᠨ ᠵᠢᠯ ᠪᠠᠶᠢᠵᠤ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠂ ᠬᠡᠳᠦᠨ ᠶᠡᠭᠡ ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ 《ᠲᠠᠪᠤᠨ ᠶᠡᠭᠡ ᠡᠭᠦᠷᠭᠡ》 ᠶᠢ ᠴᠢᠷᠮᠠᠶᠢᠨ ᠪᠡᠶᠡᠯᠡᠭᠦᠯᠬᠦ ᠪᠠ 《 ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢᠶᠠᠷ ᠭᠤᠣᠯᠳᠠᠭᠤᠯᠵᠤ ᠂ ᠡᠭᠦᠷᠭᠡ ᠲᠤᠰᠢᠶᠠᠯ ᠢᠶᠠᠨ ᠨᠠᠷᠢᠨ ᠬᠢᠨᠠᠮᠠᠭᠠᠢ ᠭᠦᠢᠴᠡᠳᠬᠡᠵᠦ ᠂ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠬᠦ ᠬᠡᠷᠡᠭᠲᠡᠢ ᠃ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ ᠂ 《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠵᠦ ᠂ 《ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠬᠦ ᠶᠢ ᠠᠵᠢᠯ ᠤᠨ ᠪᠦᠭᠦ ᠶᠠᠪᠤᠴᠠ ᠪᠠ ᠡᠯ᠎ᠡ ᠲᠠᠯ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ ᠃ ᠤᠬᠠᠮᠰᠠᠷ ᠠᠴᠠ ᠪᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢᠨ ᠳᠣᠣᠷ᠎ᠠ ᠠᠵᠢᠯ ᠢᠶᠠᠨ ᠥᠷᠨᠢᠭᠦᠯᠵᠦ ᠂ ᠳᠤᠤᠭᠠᠷᠪᠠᠯ ᠲᠠᠭᠤ ᠨᠢᠭᠡᠲᠡᠢ ᠂ ᠳᠤᠭᠲᠤᠷᠪᠠᠯ ᠬᠦᠴᠦ ᠨᠢᠭᠡᠲᠡᠢ ᠪᠠᠶᠢᠵᠤ ᠂ ᠶᠣᠰᠣ ᠳᠦᠷᠢᠮ ᠪᠠ ᠳᠡᠰ ᠳᠠᠷᠠᠭᠠᠯᠠᠯ ᠶᠣᠰᠣᠭᠠᠷ ᠠᠵᠢᠯᠯᠠᠵᠤ ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠶᠢ ᠦᠨᠡᠨ ᠬᠦ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠃ 《ᠬᠤᠭᠤᠰᠤᠨ ᠶᠠᠷᠢᠶ᠎ᠠ ᠲᠦᠷᠦ ᠶᠢ ᠰᠠᠭᠠᠲᠠᠭᠠᠵᠤ ᠂ ᠪᠣᠳᠠᠲᠠᠢ ᠠᠵᠢᠯᠯᠠᠭ᠎ᠠ ᠤᠯᠤᠰ ᠢ ᠮᠠᠨᠳᠤᠭᠤᠯᠤᠨ᠎ᠠ 》 ᠭᠡᠬᠦ ᠶᠣᠰᠣ ᠶᠢ ᠪᠠᠲᠤ ᠴᠡᠭᠡᠵᠢᠯᠡᠵᠦ ᠂ ᠲᠦᠷᠦᠭᠦᠯᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ ᠃ 《ᠰᠢᠢᠳᠪᠦᠷᠢᠯᠡᠬᠦ ᠰᠡᠳᠬᠢᠬᠦᠢ ᠲᠠᠢ ᠪᠠᠶᠢᠬᠤ 》 ᠶᠢ ᠴᠢᠩᠭᠠᠳᠬᠠᠵᠤ ᠂ ᠠᠰᠠᠭᠤᠳᠠᠯ ᠢ ᠭᠦᠨᠵᠡᠭᠡᠢ ᠰᠤᠳᠤᠯᠵᠤ ᠂ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ ᠂ ᠤᠳᠤᠷᠢᠳᠬᠤ ᠪᠠᠭ ᠢᠶᠠᠨ ᠰᠠᠶᠢᠲᠤᠷ ᠬᠠᠮᠢᠶᠠᠷᠴᠤ ᠂ ᠡᠩᠨᠡᠭᠡ ᠪᠠᠨ ᠰᠠᠶᠢᠲᠤᠷ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠭᠤᠣᠯᠳᠠᠯᠭ᠎ᠠ ᠲᠠᠢ ᠡᠭᠦᠷᠭᠡ ᠶᠢ ᠨᠠᠷᠢᠨ ᠬᠢᠨᠠᠮᠠᠭᠠᠢ ᠡᠮᠬᠢᠯᠡᠵᠦ ᠂ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ ᠂ ᠴᠠᠭ ᠲᠤᠬᠠᠢ ᠳᠤᠨᠢ ᠲᠠᠩᠰᠠ ᠲᠤᠰᠢᠶᠠᠵᠤ ᠲᠠᠩᠰᠠ ᠮᠡᠳᠡᠭᠦᠯᠭᠦ ᠬᠡᠷᠡᠭᠲᠡᠢ ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠢ ᠠᠬᠢᠭᠤᠯᠵᠤ ᠂ ᠢᠯᠠᠩᠭᠤᠶ᠎ᠠ ᠬᠦᠨᠳᠦ ᠴᠣᠬᠢᠯᠲᠠ ᠥᠭᠴᠦ ᠬᠤᠬᠢᠷᠠᠯ ᠢ ᠡᠭᠡᠭᠦᠯᠦᠨ ᠨᠥᠬᠦᠪᠦᠷᠢᠯᠡᠵᠦ ᠂ ᠥᠪᠥᠷ ᠮᠣᠩᠭᠤᠯ ᠤᠨ 2400 ᠭᠠᠷᠤᠢ ᠲᠦᠮᠡᠨ ᠠᠷᠠᠳ ᠲᠦᠮᠡᠨ ᠤ ᠠᠰᠢᠭ ᠲᠤᠰᠠ ᠶᠢ ᠬᠠᠤᠯᠢ ᠶᠣᠰᠣᠭᠠᠷ ᠬᠠᠮᠠᠭᠠᠯᠠᠬᠤ ᠬᠡᠷᠡᠭᠲᠡᠢ ᠃ ᠴᠡᠭᠴᠡᠯᠡᠨ ᠰᠠᠶᠢᠵᠢᠷᠠᠭᠤᠯᠬᠤ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ ᠂ ᠴᠡᠭᠴᠡᠯᠡᠨ ᠰᠠᠶᠢᠵᠢᠷᠠᠭᠤᠯᠤᠭᠰᠠᠨ ᠨᠢ ᠰᠤᠯᠠ ᠪᠠᠶᠢᠪᠠᠯ ᠡᠷᠡᠰ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠂ ᠤᠬᠲᠤ ᠢᠯᠳᠠᠷ ᠬᠠᠶᠠᠵᠤ ᠪᠤᠯᠬᠤ ᠦᠭᠡᠢ ᠭᠡᠵᠦ ᠱᠠᠭᠠᠷᠳᠠᠪᠠ ᠃
ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ ᠃