ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠬᠤᠶᠠᠳᠤᠭᠠᠷ ᠪᠦᠭᠦᠳᠡ ᠬᠤᠷᠠᠯ ᠬᠢᠪᠡ ᠰᠢ ᠶᠢᠨ ᠫᠢᠩ ᠯᠢ ᠴᠢᠶᠠᠩ ᠵᠤᠤ ᠯᠧ ᠵᠢᠢ ᠸᠠᠩ ᠬᠤ᠋ ᠨᠢᠩ ᠬᠠᠨ ᠵᠧᠩ ᠼᠠᠢ ᠴᠢ ᠳ᠋ᠢᠩ ᠰᠢᠤᠸᠠᠢ ᠰᠢᠶᠠᠩ ᠯᠢ ᠰᠢ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠯᠢ ᠵᠠᠨ ᠱᠣ᠋ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠵᠡᠢ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 3 ᠰᠠᠷ᠎ᠠ ᠶᠢᠨ 7 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 7 ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠪᠦᠭᠦᠳᠡ ᠬᠤᠷᠠᠯ ᠬᠢᠵᠦ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ ᠃
ᠰᠢ ᠶᠢᠨ ᠫᠢᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠬᠠᠨ ᠵᠧᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠨᠠᠷ ᠬᠤᠷᠠᠯ ᠳᠤ ᠣᠷᠣᠯᠴᠠᠵᠠᠢ ᠃
ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ ᠂ ᠬᠤᠷᠠᠯ ᠳᠤ ᠤᠷᠤᠯᠴᠠᠬᠰᠠᠨ ᠨᠢ 2943 ᠬᠥᠮᠥᠨ ᠂ 34 ᠬᠥᠮᠥᠨ ᠣᠷᠣᠯᠴᠠᠬᠰᠠᠨ ᠦᠭᠡᠢ ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃
ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ ᠬᠤᠷᠠᠯ ᠢ ᠡᠷᠭᠢᠯᠡᠪᠡ ᠃

ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠂ ᠬᠤᠷᠢᠶᠠᠨ ᠳᠠᠷᠤᠭ᠎ᠠ ᠯᠢ ᠵᠠᠨ ᠱᠣ᠋ ᠶᠡᠭᠡ ᠬᠤᠷᠠᠯ ᠳᠡᠭᠡᠷ᠎ᠡ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ ᠃ ᠯᠢ ᠵᠠᠨ ᠱᠣ᠋ ᠮᠡᠳᠡᠭᠦᠯᠦᠯᠲᠡ ᠳᠡᠭᠡᠨ ᠂ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠂ ᠬᠠᠤᠯᠢ ᠲᠣᠭᠲᠠᠭᠠᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ 5 ᠬᠠᠤᠯᠢ ᠲᠣᠭᠲᠠᠭᠠᠵᠤ ᠂ 9 ᠬᠠᠤᠯᠢ ᠳᠤ ᠵᠠᠰᠠᠪᠤᠷᠢ ᠣᠷᠣᠭᠤᠯᠵᠤ ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ ᠠᠰᠠᠭᠤᠳᠠᠯ ᠤᠨ ᠲᠤᠬᠠᠢ 4 ᠲᠣᠭᠲᠠᠭᠠᠯ ᠢ ᠪᠠᠲᠤᠯᠠᠵᠤ ᠂ 1 ᠬᠠᠤᠯᠢ ᠴᠠᠭᠠᠵᠠ ᠶᠢᠨ ᠲᠠᠶᠢᠯᠪᠤᠷᠢᠯᠠᠯᠲᠠ ᠭᠢᠪᠡ ︔ ᠬᠢᠨᠠᠯᠲᠠ ᠲᠠᠯᠪᠢᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ 5 ᠬᠠᠤᠯᠢ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ ᠂ 23 ᠬᠢᠨᠠᠯᠲᠠ ᠲᠠᠯᠪᠢᠬᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ ᠂ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠢ ᠥᠷᠨᠢᠭᠦᠯᠵᠦ ᠂ 8 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠭᠢᠪᠡ ︔ ᠲᠥᠯᠥᠭᠡᠯᠡᠭᠴᠢᠳ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ 487 ᠬᠤᠪᠢ ᠲᠥᠯᠥᠭᠡᠯᠡᠭᠴᠢᠳ ᠤᠨ ᠰᠠᠨᠠᠯ ᠵᠥᠪᠯᠡᠯᠭᠡ ᠂ 9349 ᠬᠤᠪᠢ ᠰᠠᠨᠠᠭᠤᠯᠭ᠎ᠠ ᠶᠢ ᠰᠢᠢᠳᠪᠦᠷᠢᠯᠡᠵᠦ ᠂ ᠪᠠᠶᠢᠩᠭᠤ ᠶᠢᠨ ᠬᠤᠷᠢᠶ᠎ᠠ ᠂ ᠲᠤᠰᠬᠠᠢ ᠵᠥᠪᠯᠡᠯ ᠂ ᠠᠵᠢᠯ ᠤᠨ ᠵᠥᠪᠯᠡᠯ ᠤᠨ ᠠᠵᠢᠯ ᠳᠤ ᠨᠡᠶᠢᠳᠡ 100 ᠭᠠᠷᠤᠢ ᠬᠥᠮᠥᠨ ᠤᠳᠠᠭ᠎ᠠ ᠣᠷᠣᠯᠴᠠᠪᠠ ︔ ᠭᠠᠳᠠᠭᠠᠳᠤ ᠶᠠᠪᠤᠳᠠᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 393 ᠬᠥᠮᠥᠨ ᠤᠳᠠᠭ᠎ᠠ ᠬᠠᠤᠯᠢ ᠶᠣᠰᠣᠭᠠᠷ ᠲᠣᠮᠢᠯᠠᠵᠤ ᠪᠠᠭᠤᠯᠭᠠᠵᠤ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠠᠴᠠ ᠲᠣᠭᠲᠠᠭᠠᠭᠰᠠᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ ᠭᠡᠵᠦ ᠵᠢᠭᠠᠵᠤ ᠭᠠᠷᠭᠠᠪᠠ ᠃
ᠯᠢ ᠵᠠᠨ ᠱᠣ᠋ ᠮᠡᠳᠡᠭᠦᠯᠦᠯᠲᠡ ᠳᠡᠭᠡᠨ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠨ ᠵᠢᠯ ᠤᠨ ᠲᠤᠰᠢᠶᠠᠯ ᠤᠨ ᠬᠤᠭᠤᠴᠠᠭ᠎ᠠ ᠨᠢ ᠶᠠᠭ ᠰᠠᠶᠢᠬᠠᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠥᠷᠨᠢᠭᠦᠨ ᠬᠥᠭᠵᠢᠯᠲᠡ ᠶᠢᠨ ᠠᠭᠤᠤ ᠶᠡᠭᠡ ᠲᠡᠦᠬᠡᠨ ᠬᠤᠪᠢᠰᠤᠯᠲᠠ ᠶᠢᠨ ᠴᠠᠭ ᠦᠶ᠎ᠡ ᠳᠤ ᠲᠣᠬᠢᠶᠠᠪᠠ ᠃ ᠪᠠᠶᠢᠩᠭᠤ ᠶᠢᠨ ᠬᠤᠷᠢᠶ᠎ᠠ 《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ 《ᠳᠥᠷᠪᠡᠨ ᠤᠬᠠᠮᠰᠠᠷ》 ᠢᠶᠠᠨ ᠴᠢᠩᠭᠠᠳᠬᠠᠵᠤ ᠂ 《ᠳᠥᠷᠪᠡᠨ ᠢᠲᠡᠭᠡᠯ》 ᠢᠶᠠᠨ ᠪᠠᠲᠤᠳᠬᠠᠵᠤ ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠵᠦ ᠂ ᠢᠮᠠᠭᠲᠠ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠵᠤ ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ ᠂ ᠤᠯᠤᠰ ᠤᠨ ᠵᠠᠰᠠᠯᠲᠠ ᠶᠢᠨ ᠰᠢᠰᠲᠸᠮᠵᠢ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ ᠲᠠᠢ ᠨᠢᠭᠲᠠ ᠤᠶᠠᠯᠳᠤᠭᠤᠯᠵᠤ ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠂ ᠪᠦᠭᠦ ᠲᠥᠯᠥᠭᠡᠯᠡᠭᠴᠢ ᠳᠤ ᠴᠢᠩᠭ᠎ᠠ ᠲᠦᠰᠢᠭᠯᠡᠵᠦ ᠂ ᠬᠠᠤᠯᠢ ᠲᠣᠭᠲᠠᠭᠠᠬᠤ ᠡᠷᠬᠡ ᠂ ᠬᠢᠨᠠᠯᠲᠠ ᠲᠠᠯᠪᠢᠬᠤ ᠡᠷᠬᠡ ᠂ ᠲᠣᠭᠲᠠᠭᠠᠬᠤ ᠡᠷᠬᠡ ᠂ ᠲᠣᠮᠢᠯᠠᠵᠤ ᠪᠠᠭᠤᠯᠭᠠᠬᠤ ᠡᠷᠬᠡ ᠪᠠᠨ ᠬᠠᠤᠯᠢ ᠶᠣᠰᠣᠭᠠᠷ ᠬᠡᠷᠡᠭᠵᠢᠭᠦᠯᠵᠦ ᠂ ᠨᠠᠮ ᠪᠠ ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ ᠂ ᠨᠠᠮ ᠤᠨ ᠲᠥᠪ ᠬᠤᠷᠢᠶ᠎ᠠ ᠶᠢᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠲᠥᠪ ᠴᠢᠩᠭ᠎ᠠ ᠠᠮᠠᠯᠠᠯᠲᠠ ᠪᠠᠨ ᠴᠢᠷᠮᠠᠶᠢᠨ ᠪᠡᠶᠡᠯᠡᠭᠦᠯᠵᠡᠢ ᠭᠡᠪᠡ ᠃
ᠯᠢ ᠵᠠᠨ ᠱᠤ᠋ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠲᠤᠷᠰᠢ ᠂ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠪᠠᠲᠤᠯᠠᠵᠤ ᠂ 47 ᠬᠠᠤᠯᠢ ᠲᠣᠭᠲᠠᠭᠠᠵᠤ ᠂ 111 ᠬᠠᠤᠯᠢ ᠳᠤ ᠵᠠᠰᠠᠪᠤᠷᠢ ᠣᠷᠣᠭᠤᠯᠵᠤ ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ ᠠᠰᠠᠭᠤᠳᠠᠯ ᠤᠨ ᠲᠣᠭᠲᠠᠭᠠᠯ ᠰᠢᠢᠳᠪᠦᠷᠢ ᠶᠢ 53 ᠭᠠᠷᠭᠠᠵᠤ ᠂ ᠨᠢᠭᠡᠨᠲᠡ ᠬᠢᠨᠠᠨ ᠵᠥᠪᠯᠡᠭᠡᠳ ᠬᠠᠷᠠᠬᠠᠨ ᠪᠠᠲᠤᠯᠠᠭᠠᠳᠤᠢ ᠬᠠᠤᠯᠢ ᠶᠢᠨ ᠲᠥᠰᠥᠯ ᠂ ᠲᠣᠭᠲᠠᠭᠠᠯ ᠤᠨ ᠲᠥᠰᠥᠯ 19 ᠬᠤᠪᠢ ᠪᠠᠶᠢᠨ᠎ᠠ ︔ 182 ᠬᠢᠨᠠᠯᠲᠠ ᠲᠠᠯᠪᠢᠬᠤ ᠠᠵᠢᠯ ᠤᠨ ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ ᠂ 30 ᠬᠠᠤᠯᠢ ᠪᠠ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ ᠂ 11 ᠤᠳᠠᠭ᠎ᠠ ᠲᠤᠰᠬᠠᠢ ᠰᠡᠳᠦᠪᠲᠦ ᠯᠠᠪᠯᠠᠨ ᠠᠰᠠᠭᠤᠬᠤ ᠠᠵᠢᠯ ᠂ 33 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ ︔ ᠲᠥᠯᠥᠭᠡᠯᠡᠭᠴᠢ ᠶᠢᠨ 2282 ᠬᠤᠪᠢ ᠰᠠᠨᠠᠯ ᠵᠥᠪᠯᠡᠯᠭᠡ ᠂ ᠲᠥᠯᠥᠭᠡᠯᠡᠭᠴᠢ ᠶᠢᠨ 43750 ᠬᠤᠪᠢ ᠰᠠᠨᠠᠭᠤᠯᠭ᠎ᠠ ᠶᠢ ᠪᠦᠭᠦᠨ ᠢ ᠰᠢᠢᠳᠪᠦᠷᠢᠯᠡᠨ ᠳᠠᠭᠤᠰᠬᠠᠵᠤ ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠰᠠᠨᠠᠭᠤᠯᠭ᠎ᠠ ᠶᠢ ᠰᠢᠢᠳᠪᠦᠷᠢᠯᠡᠭᠰᠡᠨ ᠠᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ 98% ᠳᠤ ᠭᠦᠷᠪᠡ ︔ 36 ᠭᠡᠷ᠎ᠡ ᠪᠣᠯᠣᠨ ᠴᠢᠬᠤᠯᠠ ᠬᠡᠯᠡᠯᠴᠡᠭᠡᠷ ᠢ ᠵᠥᠪᠰᠢᠶᠡᠷᠡᠬᠦ ᠪᠠᠷ ᠲᠣᠭᠲᠠᠭᠰᠠᠨ ᠪᠤᠶᠤ ᠲᠡᠭᠦᠨ ᠳᠤ ᠤᠷᠤᠯᠴᠠᠪᠠ ︔ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 1515 ᠬᠥᠮᠥᠨ ᠤᠳᠠᠭ᠎ᠠ ᠬᠠᠤᠯᠢ ᠶᠣᠰᠣᠭᠠᠷ ᠲᠣᠮᠢᠯᠠᠵᠤ ᠪᠠᠭᠤᠯᠭᠠᠪᠠ ᠃ ᠭᠤᠣᠯᠳᠠᠭᠤ ᠳᠣᠣᠷᠠᠬᠢ ᠠᠵᠢᠯ ᠤᠳ ᠢ ᠥᠷᠨᠢᠭᠦᠯᠪᠡ ᠄ ᠨᠢᠭᠡ ᠳᠤ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠬᠡᠷᠡᠭᠵᠢᠭᠦᠯᠵᠦ ᠂ ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠪᠠ ︔ ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲᠸᠮᠵᠢ ᠶᠢ ᠲᠡᠭᠦᠯᠳᠡᠷᠵᠢᠭᠦᠯᠵᠦ ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ ᠂ ᠴᠢᠳᠠᠮᠠᠭᠠᠢ ᠵᠠᠰᠠᠯᠲᠠ ᠶᠢ ᠪᠠᠲᠤᠯᠠᠵᠠᠢ ︔ ᠭᠤᠷᠪᠠ ᠳᠤ ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ ᠲᠠᠯᠪᠢᠬᠤ ᠡᠷᠬᠡ ᠶᠢ ᠰᠠᠶᠢᠲᠤᠷ ᠬᠡᠷᠡᠭᠯᠡᠵᠦ ᠂ ᠵᠥᠪ ᠢᠶᠠᠷ ᠬᠢᠨᠠᠯᠲᠠ ᠲᠠᠯᠪᠢᠬᠤ ᠂ ᠪᠦᠲᠦᠮᠵᠢᠲᠡᠢ ᠬᠢᠨᠠᠯᠲᠠ ᠲᠠᠯᠪᠢᠬᠤ ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠭᠡᠷᠡᠭᠵᠢᠭᠦᠯᠵᠠᠢ ︔ ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ ᠂ ᠠᠷᠠᠳ ᠲᠦᠮᠡᠨ ᠬᠦᠰᠡᠯ ᠱᠠᠭᠠᠷᠳᠠᠯᠭ᠎ᠠ ᠪᠠᠶᠢᠪᠠᠯ ᠬᠠᠷᠢᠭᠤ ᠦᠭᠭᠦ ᠶᠢ ᠪᠡᠶᠡᠯᠡᠭᠦᠯᠪᠡ ︔ ᠲᠠᠪᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢᠨ ᠳᠠᠪᠠᠭᠤᠯᠢᠭ ᠢ ᠪᠠᠳᠠᠷᠠᠭᠤᠯᠵᠤ ᠂ ᠨᠠᠮ ᠪᠠ ᠤᠯᠤᠰ ᠤᠨ ᠭᠠᠳᠠᠭᠠᠳᠤ ᠬᠠᠷᠢᠯᠴᠠᠭ᠎ᠠ ᠶᠢᠨ ᠶᠡᠭᠡ ᠲᠠᠯ᠎ᠠ ᠳᠤ ᠦᠢᠯᠡᠴᠢᠯᠡᠪᠡ ︔ ᠵᠢᠷᠭᠤᠭ᠎ᠠ ᠳᠤ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠤᠭᠤᠯᠵᠤ ᠂ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠃
ᠯᠢ ᠵᠠᠨ ᠱᠤ᠋ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠦᠢᠯᠡᠳᠦᠯᠭᠡ ᠳᠤ ᠮᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ ᠰᠢᠨᠵᠢᠯᠡᠬᠦ ᠤᠬᠠᠭᠠᠨᠴᠢ ᠠᠭᠤᠯᠬᠤᠨ ᠂ ᠦᠨᠳᠦᠰᠦᠨ ᠣᠨᠴᠠᠯᠢᠭ ᠪᠣᠯᠣᠨ ᠮᠥᠨ ᠴᠢᠨᠠᠷ ᠤᠨ ᠱᠠᠭᠠᠷᠳᠠᠯᠭ᠎ᠠ ᠶᠢᠨ ᠲᠤᠬᠠᠢ ᠲᠠᠨᠢᠯᠲᠠ ᠶᠢ ᠤᠯᠠᠮ ᠭᠦᠨᠵᠡᠭᠡᠶᠢᠷᠡᠭᠦᠯᠵᠡᠢ ᠂ ᠡᠨᠡ ᠨᠢ ᠳᠠᠷᠤᠢ ᠄ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ ᠂ ᠡᠷᠬᠡᠪᠰᠢ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠪᠠᠷᠢᠮᠲᠠᠯᠠᠵᠤ ᠂ ᠡᠷᠬᠡᠪᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠵᠤ ᠂ ᠡᠷᠬᠡᠪᠰᠢ ᠦᠨᠳᠦᠰᠦᠨ ᠬᠠᠤᠯᠢ ᠳᠤ ᠲᠣᠭᠲᠠᠭᠠᠭᠰᠠᠨ ᠤᠯᠤᠰ ᠤᠨ ᠦᠨᠳᠦᠰᠦᠨ ᠡᠭᠦᠷᠭᠡ ᠂ ᠬᠥᠭᠵᠢᠯᠲᠡ ᠶᠢᠨ ᠵᠠᠮ ᠂ ᠲᠡᠮᠡᠴᠡᠬᠦ ᠬᠠᠷᠠᠯᠲᠠ ᠶᠢ ᠪᠠᠷᠢᠮᠲᠠᠯᠠᠬᠤ ᠬᠡᠷᠡᠭᠲᠡᠢ ᠶᠠᠪᠤᠳᠠᠯ ᠪᠣᠯᠣᠨ᠎ᠠ ᠭᠡᠵᠡᠢ ᠃
ᠬᠤᠶᠢᠰᠢᠳᠠ ᠶᠢᠨ ᠨᠢᠭᠡ ᠵᠢᠯ ᠤᠨ ᠠᠵᠢᠯ ᠤᠨ ᠲᠤᠬᠠᠢ ᠰᠠᠨᠠᠭᠤᠯᠭ᠎ᠠ ᠳᠠᠭᠠᠨ ᠯᠢ ᠵᠠᠨ ᠱᠤ᠋ ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠣᠯᠣᠨ᠎ᠠ ᠂ ᠪᠠᠶᠢᠩᠭᠤ ᠶᠢᠨ ᠬᠤᠷᠢᠶ᠎ᠠ ᠶᠢᠨ ᠠᠵᠢᠯ ᠪᠣᠯ ᠨᠢᠭᠡ ᠳᠤ ᠦᠨᠳᠦᠰᠦᠨ ᠬᠠᠤᠯᠢ ᠶᠢ ᠬᠡᠷᠡᠭᠵᠢᠭᠦᠯᠬᠦ ᠪᠠ ᠬᠠᠤᠯᠢ ᠲᠣᠭᠲᠠᠭᠠᠬᠤ ᠠᠵᠢᠯ ᠢ ᠰᠠᠶᠢᠲᠤᠷ ᠭᠢᠨ᠎ᠠ ︔ ᠬᠤᠶᠠᠷ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ ︔ ᠭᠤᠷᠪᠠ ᠳᠤ ᠲᠥᠯᠥᠭᠡᠯᠡᠭᠴᠢ ᠶᠢᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠠ ︔ ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠰᠠᠶᠢᠲᠤᠷ ᠭᠢᠨ᠎ᠠ ︔ ᠲᠠᠪᠤ ᠳᠤ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ ᠭᠡᠵᠦ ᠵᠢᠭᠠᠵᠤ ᠭᠠᠷᠭᠠᠪᠠ ᠃

ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠳᠠᠷᠤᠭ᠎ᠠ ᠵᠧᠦ ᠴᠢᠶᠠᠩ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ ᠂ 2022 ᠣᠨ ᠳᠤ ᠂ ᠪᠦᠭᠦ ᠤᠯᠤᠰ ᠤᠨ ᠰᠢᠭᠦᠭᠦ ᠬᠤᠷᠢᠶ᠎ᠠ ᠶᠢᠨ ᠡᠯ᠎ᠡ ᠵᠦᠢᠯ ᠤᠨ ᠠᠵᠢᠯ ᠲᠣᠭᠲᠠᠭᠤᠨ ᠤ ᠳᠤᠮᠳᠠ ᠠᠬᠢᠵᠠᠢ ᠃ ᠠᠷᠠᠳ ᠤᠨ ᠳᠡᠭᠡᠳᠦ ᠰᠢᠭᠦᠭᠦ ᠬᠤᠷᠢᠶ᠎ᠠ 18547 ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ ᠂ 13785 ᠬᠡᠷᠡᠭ ᠢ ᠰᠢᠭᠦᠨ ᠳᠠᠭᠤᠰᠬᠠᠪᠠ ︔ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠰᠢᠭᠦᠭᠦ ᠬᠤᠷᠢᠶ᠎ᠠ ᠪᠠ ᠠᠷᠠᠳ ᠤᠨ ᠲᠤᠰᠬᠠᠢ ᠰᠢᠭᠦᠭᠦ ᠬᠤᠷᠢᠶ᠎ᠠ 3370.4 ᠲᠦᠮᠡᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ ᠂ 3081 ᠲᠦᠮᠡᠨ ᠬᠡᠷᠡᠭ ᠢ ᠰᠢᠭᠦᠵᠦ ᠳᠠᠭᠤᠰᠬᠠᠭᠰᠠᠨ ᠪᠠ ᠭᠦᠢᠴᠡᠳᠬᠡᠵᠦ ᠳᠠᠭᠤᠰᠬᠠᠨ ᠂ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠬᠠᠷᠠᠯᠲᠠ ᠶᠢᠨ ᠬᠡᠮᠵᠢᠶ᠎ᠡ 9.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠡᠢ ᠭᠡᠵᠦ ᠵᠢᠭᠠᠵᠤ ᠭᠠᠷᠭᠠᠪᠠ ᠃
ᠵᠧᠦ ᠴᠢᠶᠠᠩ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠲᠤᠷᠰᠢ ᠂ ᠠᠷᠠᠳ ᠤᠨ ᠳᠡᠭᠡᠳᠦ ᠰᠢᠭᠦᠭᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠤᠳᠠᠭ᠎ᠠ ᠪᠦᠷᠢ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠠᠷᠠᠳ ᠤᠨ ᠰᠢᠭᠦᠭᠦ ᠬᠤᠷᠢᠶ᠎ᠠ ᠶᠢᠨ ᠠᠵᠢᠯ ᠤᠨ ᠰᠢᠨ᠎ᠡ ᠬᠤᠪᠢᠰᠤᠯᠲᠠ ᠰᠢᠨ᠎ᠡ ᠬᠥᠭᠵᠢᠯᠲᠡ ᠶᠢ ᠠᠬᠢᠭᠤᠯᠪᠠ ᠃ ᠨᠢᠭᠡ ᠳᠤ ᠤᠯᠤᠰ ᠤᠨ ᠠᠮᠤᠷ ᠲᠦᠪᠰᠢᠨ ᠂ ᠨᠡᠶᠢᠭᠡᠮ ᠤᠨ ᠠᠮᠤᠷ ᠲᠣᠭᠲᠠᠭᠤᠨ ᠂ ᠠᠷᠠᠳ ᠲᠦᠮᠡᠨ ᠤ ᠠᠮᠤᠷ ᠠᠮᠤᠭᠤᠯᠠᠩ ᠢ ᠡᠷᠡᠰ ᠬᠠᠮᠠᠭᠠᠯᠠᠪᠠ ︔ ᠬᠤᠶᠠᠷ ᠲᠤ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠠᠤᠯᠢ ᠶᠣᠰᠣᠭᠠᠷ ᠦᠢᠯᠡᠴᠢᠯᠡᠪᠠ ︔ ᠭᠤᠷᠪᠠ ᠳᠤ ᠳᠤᠮᠳᠠᠳᠤ ᠤᠯᠤᠰ ᠤᠨ ᠣᠨᠴᠠᠯᠢᠭ ᠲᠠᠢ ᠠᠷᠠᠳ ᠤᠨ ᠲᠥᠯᠥᠭᠡ ᠬᠠᠤᠯᠢ ᠪᠠᠷᠢᠬᠤ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠪᠠ ︔ ᠳᠥᠷᠪᠡ ᠳᠤ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠠᠮᠤᠭ ᠤᠨ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠭᠢᠵᠠᠢ ︔ ᠲᠠᠪᠤ ᠳᠤ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠪᠠ ᠣᠶᠤᠨᠴᠢ ᠰᠢᠭᠦᠭᠦ ᠬᠤᠷᠢᠶ᠎ᠠ ᠶᠢᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠤᠯᠪᠠ ︔ ᠵᠢᠷᠭᠤᠭ᠎ᠠ ᠳᠤ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠭᠦᠭᠦ ᠬᠤᠷᠢᠶ᠎ᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠠᠢ ᠭᠡᠵᠦ ᠢᠯᠡᠳᠬᠡᠪᠡ ᠃
ᠮᠡᠳᠡᠭᠦᠯᠦᠯᠲᠡ ᠳᠤ ᠂ ᠵᠧᠦ ᠴᠢᠶᠠᠩ 5 ᠲᠠᠯ᠎ᠠ ᠠᠴᠠ 2023 ᠣᠨ ᠤ ᠠᠵᠢᠯ ᠳᠤ ᠰᠠᠨᠠᠭᠤᠯᠭ᠎ᠠ ᠳᠤᠷᠠᠳᠪᠠ ᠄ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠭᠤᠶᠢᠪᠢᠰᠢ ᠦᠭᠡᠢ ᠵᠠᠮᠨᠠᠬᠤ ᠭᠡᠷᠡᠭᠲᠡᠢ ︔ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠪᠠ ᠴᠢᠨᠠᠷ ᠰᠠᠶᠢᠲᠠᠢ ᠬᠥᠭᠵᠢᠯᠲᠡ ᠳᠤ ᠬᠠᠤᠯᠢ ᠶᠣᠰᠣᠭᠠᠷ ᠦᠢᠯᠡᠴᠢᠯᠡᠬᠦ ᠭᠡᠷᠡᠭᠳᠠᠢ ︔ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ ᠂ ᠠᠷᠠᠳ ᠤᠨ ᠲᠥᠯᠥᠭᠡ ᠬᠠᠤᠯᠢ ᠪᠠᠷᠢᠬᠤ ᠂ ᠲᠥᠪ ᠭᠤᠣᠯᠴᠢ ᠪᠠᠷ ᠬᠠᠤᠯᠢ ᠪᠠᠷᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠭᠡᠷᠡᠭᠳᠠᠢ ︔ ᠬᠠᠤᠯᠢ ᠴᠠᠭᠠᠵᠠ ᠶᠢᠨ ᠪᠠᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠰᠢᠭᠦᠨ ᠲᠠᠰᠤᠯᠬᠤ ᠲᠣᠭᠲᠠᠯᠴᠠᠭ᠎ᠠ ᠪᠠ ᠰᠢᠭᠦᠨ ᠲᠠᠰᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ ᠠᠬᠢᠭᠤᠯᠬᠤ ᠭᠡᠷᠡᠭᠳᠠᠢ ︔ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠰᠢᠭᠦᠭᠦ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ ᠂ ᠰᠢᠭᠦᠭᠦ ᠬᠤᠷᠢᠶ᠎ᠠ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃
ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠵᠢᠶᠦ᠋ᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ ᠂ ᠲᠠᠪᠤᠨ ᠵᠢᠯ ᠤᠨ ᠲᠤᠷᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ ᠬᠢᠨᠠᠯᠲᠠ ᠶᠢᠨ ᠳᠣᠣᠷ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠡᠷᠡᠭᠦᠦ ᠶᠢᠨ ᠬᠡᠷᠡᠭ ᠂ ᠢᠷᠭᠡᠨ ᠤ ᠬᠡᠷᠡᠭ ᠂ ᠵᠠᠰᠠᠭ ᠵᠠᠬᠢᠷᠭ᠎ᠠ ᠂ ᠨᠡᠶᠢᠲᠡ ᠶᠢᠨ ᠠᠰᠠᠷᠠᠮᠵᠢ ᠶᠢᠨ ᠵᠠᠷᠭᠤ ᠵᠡᠷᠭᠡ 《ᠲᠦᠷᠪᠡᠨ ᠶᠡᠭᠡ ᠪᠠᠶᠢᠴᠠᠭᠠᠬᠤ ᠠᠵᠢᠯ》 ᠤᠨ ᠰᠢᠨ᠎ᠡ ᠪᠠᠶᠢᠷᠢᠰᠢᠯ ᠢ ᠰᠢᠨ᠎ᠡ ᠪᠠᠷ ᠡᠭᠦᠳᠦᠨ ᠪᠠᠶᠢᠭᠤᠯᠵᠤ ᠂ ᠠᠷᠠᠳ ᠲᠦᠮᠡᠨ ᠢ ᠳᠡᠭᠡᠳᠦᠯᠡᠬᠦ ᠶᠢ ᠦᠢᠯᠡᠳᠦᠯᠭᠡᠵᠢᠭᠦᠯᠦᠨ ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ ᠴᠢᠳᠠᠮᠠᠭᠠᠢ ᠪᠠᠷ ᠭᠦᠢᠴᠡᠳᠬᠡᠵᠦ ᠂ ᠠᠷᠠᠳ ᠤᠨ ᠪᠠᠶᠢᠴᠠᠭᠠᠬᠤ ᠠᠵᠢᠯ ᠦᠢᠯᠡᠰ ᠰᠢᠨ᠎ᠡ ᠲᠠᠪᠠᠯᠳᠠᠳᠤ ᠬᠥᠭᠵᠢᠯᠲᠡ ᠶᠢ ᠪᠡᠶᠡᠯᠡᠭᠦᠯᠪᠡ ᠃ 2018 ᠣᠨ ᠠᠴᠠ 2022 ᠣᠨ ᠪᠤᠯᠲᠠᠯ᠎ᠠ ᠂ ᠪᠦᠭᠦ ᠤᠯᠤᠰ ᠤᠨ ᠪᠠᠶᠢᠴᠠᠭᠠᠬᠤ ᠪᠠᠶᠢᠭᠤᠯᠭ᠎ᠠ ᠡᠯ᠎ᠡ ᠲᠦᠷᠦᠯ ᠤᠨ ᠬᠡᠷᠡᠭ ᠢ ᠨᠡᠶᠢᠳᠡ 1733.6 ᠲᠦᠮᠡᠨ ᠬᠤᠪᠢ ᠰᠢᠢᠳᠪᠦᠷᠢᠯᠡᠵᠦ ᠂ ᠲᠦᠷᠦᠭᠦᠦ ᠲᠠᠪᠤᠨ ᠵᠢᠯ ᠤᠨ ᠬᠢ ᠠᠴᠠ 40% ᠪᠠᠷ ᠨᠡᠮᠡᠭᠳᠡᠪᠡ ᠃ 2018 ᠣᠨ ᠤ ᠬᠢ ᠲᠠᠢ ᠬᠠᠷᠢᠴᠠᠭᠤᠯᠪᠠᠯ ᠂ 2022 ᠣᠨ ᠳᠤ ᠭᠥᠯᠢᠶᠡᠨ ᠠᠪᠤᠭᠰᠠᠨ ᠬᠢᠨᠠᠨ ᠪᠠᠶᠢᠴᠠᠭᠠᠵᠤ ᠵᠠᠭᠠᠯᠳᠤᠬᠤ ᠬᠡᠷᠡᠭ 2.8% ᠪᠠᠷ ᠨᠡᠮᠡᠭᠳᠡᠵᠦ ᠂ ᠢᠷᠭᠡᠨ ᠤ ᠬᠡᠷᠡᠭ ᠂ ᠵᠠᠰᠠᠭ ᠵᠠᠬᠢᠷᠭ᠎ᠠ ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ ᠰᠢᠢᠳᠪᠦᠷᠢᠯᠡᠭᠰᠡᠨ ᠬᠡᠮᠵᠢᠶ᠎ᠡ ᠲᠤᠰ ᠲᠤᠰ 1.5 ᠲᠠᠭᠢᠨ ᠂ 3.3 ᠲᠠᠭᠢᠨ ᠪᠠ 72.6% ᠪᠠᠷ ᠭᠡᠵᠦ ᠵᠢᠭᠠᠵᠤ ᠭᠠᠷᠭᠠᠪᠠ ᠃
ᠮᠡᠳᠡᠭᠦᠯᠦᠯᠲᠡ ᠳᠤ ᠂ ᠵᠠᠩ ᠵᠢᠶᠦ᠋ᠨ ᠥᠩᠭᠡᠷᠡᠭᠰᠡᠨ ᠲᠠᠪᠤᠨ ᠵᠢᠯ ᠤᠨ ᠠᠵᠢᠯ ᠢ 6 ᠲᠠᠯ᠎ᠠ ᠪᠠᠷ ᠡᠷᠭᠢᠴᠡᠭᠦᠯᠪᠡ ᠄ ᠨᠢᠭᠡ ᠳᠤ ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠵᠤ ᠂ ᠴᠢᠳᠠᠮᠠᠭᠠᠢ ᠪᠠᠶᠢᠴᠠᠭᠠᠬᠤ ᠪᠠᠷ ᠳᠤᠮᠳᠠᠳᠤ ᠤᠯᠤᠰ ᠤᠨ ᠵᠠᠰᠠᠯᠲᠠ ᠳᠤ ᠬᠦᠴᠦᠨ ᠨᠡᠮᠡᠷᠢᠯᠡᠪᠡ ︔ ᠬᠤᠶᠠᠷ ᠲᠤ ᠂ ᠶᠡᠭᠡ ᠲᠠᠯ᠎ᠠ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠳᠠᠮᠠᠭᠠᠢ ᠪᠠᠶᠢᠴᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠪᠠ ︔ ᠭᠤᠷᠪᠠ ᠳᠤ ᠂ ᠠᠷᠠᠳ ᠤᠨ ᠲᠥᠯᠥᠭᠡ ᠬᠠᠤᠯᠢ ᠪᠠᠷᠢᠬᠤ ᠶᠢ ᠪᠠᠷᠢᠮᠲᠠᠯᠠᠵᠤ ᠂ ᠴᠢᠳᠠᠮᠠᠭᠠᠢ ᠪᠠᠶᠢᠴᠠᠭᠠᠬᠤ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠠᠲᠤᠯᠠᠪᠠ ︔ ᠳᠥᠷᠪᠡ ᠳᠤ ᠂ ᠵᠠᠷᠭᠤ ᠳᠤ ᠬᠢᠨᠠᠯᠲᠠ ᠲᠠᠯᠪᠢᠬᠤ ᠶᠢ ᠴᠢᠩᠭᠠᠳᠬᠠᠵᠤ ᠂ ᠴᠢᠳᠠᠮᠠᠭᠠᠢ ᠪᠠᠶᠢᠴᠠᠭᠠᠬᠤ ᠪᠠᠷ ᠬᠠᠤᠯᠢ ᠴᠠᠭᠠᠵᠠ ᠶᠢᠨ ᠲᠥᠪ ᠭᠤᠣᠯᠴᠢ ᠶᠢ ᠬᠠᠮᠠᠭᠠᠯᠠᠪᠠ ︔ ᠲᠠᠪᠤ ᠳᠤ ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠥᠷᠭᠡᠳᠬᠡᠵᠦ ᠂ ᠴᠢᠳᠠᠮᠠᠭᠠᠢ ᠪᠠᠶᠢᠴᠠᠭᠠᠬᠤ ᠪᠠᠷ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠪᠠ ︔ ᠵᠢᠷᠭᠤᠭ᠎ᠠ ᠳᠤ ᠂ ᠪᠠᠶᠢᠴᠠᠭᠠᠬᠤ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ ᠂ ᠴᠢᠳᠠᠮᠠᠭᠠᠢ ᠪᠠᠶᠢᠴᠠᠭᠠᠬᠤ ᠪᠠᠷ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ ᠃
ᠵᠠᠩ ᠵᠢᠶᠦ᠋ᠨ ᠮᠡᠳᠡᠭᠦᠯᠦᠯᠲᠡ ᠳᠡᠭᠡᠨ 2023 ᠣᠨ ᠤ ᠠᠵᠢᠯ ᠳᠤ ᠰᠠᠨᠠᠭᠤᠯᠭ᠎ᠠ ᠳᠤᠷᠠᠳᠴᠠᠢ ᠄ ᠨᠢᠭᠡ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠭᠡᠷᠡᠭᠳᠡᠢ ︔ ᠬᠤᠶᠠᠷ ᠲᠤ ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠡᠷᠡᠰ ᠬᠠᠮᠠᠭᠠᠯᠠᠬᠤ ᠭᠡᠷᠡᠭᠳᠡᠢ ︔ ᠭᠤᠷᠪᠠ ᠳᠤ ᠂ ᠬᠠᠤᠯᠢᠵᠢᠯ ᠤᠨ ᠬᠦᠴᠦᠨ ᠢ ᠭᠦᠢᠴᠡᠳ ᠬᠡᠷᠡᠭᠯᠡᠵᠦ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠭᠡᠷᠡᠭᠳᠡᠢ ︔ ᠳᠥᠷᠪᠡ ᠳᠤ ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠭᠦ ᠭᠡᠷᠡᠭᠳᠡᠢ ︔ ᠲᠠᠪᠤ ᠳᠤ ᠂ ᠬᠠᠤᠯᠢ ᠴᠠᠭᠠᠵᠠ ᠶᠢᠨ ᠤᠨ ᠶᠡᠷᠦᠩᠬᠡᠶᠢᠯᠡᠭᠰᠡᠨ ᠢᠵᠢ ᠪᠦᠷᠢᠳᠦᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠡᠷᠡᠭᠳᠡᠢ ︔ ᠵᠢᠷᠭᠤᠭ᠎ᠠ ᠳᠤ ᠂ ᠬᠦᠨᠳᠦ ᠡᠭᠦᠷᠭᠡ ᠶᠢ ᠡᠭᠦᠷᠭᠡᠯᠡᠵᠦ ᠲᠡᠶᠢᠯᠭᠦ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ ᠃

ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠤᠨ ᠬᠢᠨᠠᠨ ᠵᠥᠪᠯᠡᠭᠦᠯᠭᠦ ᠪᠠᠷ ᠳᠡᠪᠰᠢᠭᠦᠯᠦᠭᠰᠡᠨ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠰᠠᠨᠠᠯ ᠵᠥᠪᠯᠡᠯᠭᠡ ᠳᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ ᠪᠠᠶᠢᠷᠢᠯᠠᠭᠤᠯᠤᠯᠲᠠ ᠬᠢᠪᠡ ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠠᠴᠠ 《ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ》 ᠢ ᠬᠢᠨᠠᠨ ᠵᠥᠪᠯᠡᠵᠦ ᠪᠠᠲᠤᠯᠠᠭᠠᠳ ᠂ ᠲᠡᠭᠦᠨ ᠤ ᠳᠣᠲᠣᠷᠠᠬᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠳᠤ ᠬᠤᠯᠪᠣᠭᠳᠠᠭᠰᠠᠨ ᠠᠭᠤᠯᠭ᠎ᠠ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠭᠦ ᠪᠠᠷ ᠵᠥᠪᠰᠢᠶᠡᠷᠡᠪᠡ ᠃ ᠤᠳᠤ 《ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ 》 ᠢ ᠦᠨᠳᠦᠰᠦᠯᠡᠨ ᠪᠦᠷᠢᠯᠳᠦᠭᠦᠯᠦᠭᠰᠡᠨ《ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ 》 ᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠬᠢᠨᠠᠨ ᠵᠦᠪᠯᠡᠭᠦᠯᠭᠦ ᠪᠠᠷ ᠳᠡᠪᠰᠢᠭᠦᠯᠪᠡ ᠭᠡᠵᠦ ᠵᠢᠭᠠᠵᠤ ᠃
ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠶᠢᠳᠠᠯᠭ᠎ᠠ ᠪᠠᠷ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠰᠢᠶᠣᠣ ᠵᠢᠶᠧ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠪᠡ ᠃ ᠰᠢᠶᠣᠣ ᠵᠢᠶᠧ ᠲᠣᠳᠣᠷᠬᠠᠶᠢᠯᠠᠯᠲᠠ ᠳᠠᠭᠠᠨ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠨᠢᠭᠡᠨ ᠴᠢᠬᠤᠯᠠ ᠡᠭᠦᠷᠭᠡ ᠪᠣᠯᠤᠭᠰᠠᠨ ᠤ ᠬᠤᠪᠢ ᠳᠤ ᠂ ᠰᠢᠨᠵᠢᠯᠡᠬᠦ ᠤᠬᠠᠭᠠᠨ ᠮᠡᠷᠭᠡᠵᠢᠯ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠂ ᠳ᠋ᠠᠶᠢᠲ᠋ᠠ ᠶᠢᠨ ᠬᠠᠮᠢᠶᠠᠷᠤᠯᠲᠠ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠮᠡᠳᠡᠯᠭᠡ ᠶᠢᠨ ᠪᠦᠲᠥᠭᠡᠭᠳᠡᠭᠥᠨ ᠤ ᠦᠮᠴᠢᠯᠡᠬᠦ ᠡᠷᠬᠡ ᠂ ᠥᠲᠡᠭᠦᠰ ᠤᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠤᠯᠲᠠ ᠬᠢᠵᠦ ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠬᠤᠪᠢᠷᠠᠭᠤᠯᠤᠨ ᠂ ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠬᠤ ᠪᠣᠯ ᠭᠤᠣᠯᠳᠠᠯᠭ᠎ᠠ ᠪᠣᠯᠣᠨ᠎ᠠ ᠭᠡᠵᠦ ᠵᠢᠭᠠᠵᠤ ᠭᠠᠷᠭᠠᠪᠠ ᠃
ᠡᠨᠡ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠠᠢ ᠠᠭᠤᠯᠭ᠎ᠠ ᠨᠢ ᠳᠣᠣᠷᠠᠬᠢ ᠮᠡᠲᠦ ᠄ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠢ ᠳᠠᠭᠢᠨ ᠰᠢᠨ᠎ᠡ ᠪᠠᠷ ᠪᠠᠶᠢᠭᠤᠯᠤᠨ᠎ᠠ ︔ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢ ᠪᠠᠶᠢᠭᠤᠯᠤᠨ᠎ᠠ ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ ︔ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠤᠭᠢᠷᠠᠭᠤᠯᠤᠨ᠎ᠠ ︔ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠠᠯᠪᠤᠷᠢ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠭᠢᠭᠤᠯᠤᠨ᠎ᠠ ︔ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ︔ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠤ ᠨᠢᠭᠡᠳᠦᠯᠲᠡᠢ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠳᠬᠠᠨ᠎ᠠ ︔ ᠤᠯᠤᠰ ᠤᠨ ᠳ᠋ᠠᠶᠢᠲ᠋ᠠ ᠶᠢᠨ ᠲᠣᠪᠴᠢᠶ᠎ᠠ ᠶᠢ ᠪᠠᠶᠢᠭᠤᠯᠤᠨ᠎ᠠ ︔ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ᠎ᠡ ︔ ᠥᠲᠡᠭᠦᠰ ᠤᠨ ᠠᠵᠢᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ︔ ᠮᠡᠳᠡᠯᠭᠡ ᠶᠢᠨ ᠪᠥᠲᠥᠭᠡᠭᠳᠡᠭᠦᠨ ᠤ ᠦᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ ︔ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠤᠭᠢᠷᠠᠭᠤᠯᠤᠨ᠎ᠠ ︔ ᠲᠥᠪ ᠤᠨ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠣᠷᠣᠨ ᠲᠤᠭ᠎ᠠ ᠶᠢ ᠴᠣᠮᠬᠠᠳᠬᠠᠨ᠎ᠠ ᠃ ᠳᠡᠭᠡᠷ᠎ᠡ ᠳᠤᠷᠠᠳᠤᠭᠰᠠᠨ ᠲᠥᠰᠥᠯ ᠶᠣᠰᠣᠭᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ᠭᠠᠳᠠᠨ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠬᠢᠷᠠᠭᠤᠯᠤᠭᠰᠠᠨ ᠪᠦᠷᠢᠯᠳᠦᠭᠦᠨ ᠰᠠᠯᠠᠭ᠎ᠠ ᠮᠥᠴᠢᠷ ᠮᠥᠨ ᠬᠦ 26 ᠪᠣᠯᠣᠨ᠎ᠠ ᠃
ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠨᠢᠩ ᠂ ᠯᠢᠦ ᠢ ᠯᠢᠶᠠᠩ ᠂ ᠯᠢᠦ ᠨᠢᠩ ᠂ ᠯᠢ ᠰᠢᠤ ᠯᠢᠩ ᠂ ᠴᠧᠨ ᠭᠠᠩ ᠂ ᠵᠧᠩ ᠱᠠᠨ ᠵᠢᠶᠧ ᠂ ᠨᠢ ᠶᠤᠸᠠᠢ ᠹᠧᠩ ᠂ ᠵᠢᠩ ᠵᠢᠶᠦ᠋ᠨ ᠬᠠᠢ ᠂ ᠯᠧᠦ ᠶᠠᠩ ᠱᠧᠩ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ ᠃