ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠳᠤ ᠡᠬᠢᠯᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 3 ᠰᠠᠷ᠎ᠠ ᠶᠢᠨ 5 ᠤ ᠴᠠᠭᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 5 ᠤ ᠦᠳᠡ ᠶᠢᠨ ᠡᠮᠦᠨ᠎ᠡ ᠪᠡᠭᠡᠵᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢᠨ᠎ᠡ ᠨᠢᠭᠡ ᠬᠤᠭᠤᠴᠠᠭᠠᠨ ᠤ 3000 ᠰᠢᠬᠠᠮ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠨ ᠦᠪᠡᠳᠡᠭᠰᠢ ᠬᠤᠷᠠᠯ ᠳᠤ ᠣᠷᠣᠯᠴᠠᠵᠤ ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠣᠯᠭᠤᠭᠰᠠᠨ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠨ᠎ᠡ ᠃
ᠬᠠᠪᠤᠷ ᠤᠨ ᠡᠬᠢᠨ ᠤ ᠪᠡᠭᠡᠵᠢᠩ ᠬᠤᠲᠠᠨ᠎ᠠ ᠂ ᠠᠮᠢᠵᠢᠷᠠᠯ ᠤᠨ ᠬᠦᠴᠦᠨ ᠢᠶᠠᠷ ᠪᠢᠯᠬᠠᠵᠤ ᠂ ᠲᠦᠮᠡᠨ ᠪᠣᠳᠠᠰ ᠲᠥᠯᠵᠢᠨ ᠠᠮᠢᠯᠠᠨ᠎ᠠ ᠃ ᠠᠷᠠᠳ ᠤᠨ ᠶᠡᠭᠡ ᠬᠤᠷᠠᠯ ᠤᠨ ᠲᠠᠩᠬᠢᠮ ᠤᠨ ᠶᠡᠭᠡ ᠶᠣᠰᠣᠯᠠᠯ ᠤᠨ ᠲᠠᠩᠬᠢᠮ ᠳᠤ ᠲᠥᠪ ᠬᠢᠴᠢᠶᠡᠩᠭᠦᠢ ᠪᠥᠭᠡᠳ ᠭᠦᠷ ᠬᠥᠭᠵᠢᠶᠡᠨᠲᠡᠢ ᠠᠭᠤᠷ ᠠᠮᠢᠰᠬᠤᠯ ᠢᠶᠠᠷ ᠪᠢᠯᠬᠠᠵᠤ ᠂ ᠲᠡᠷᠢᠭᠦᠯᠡᠭᠴᠢᠳ ᠤᠨ ᠲᠠᠶᠢᠰᠠᠨ ᠤ ᠭᠤᠣᠯ ᠳᠤᠮᠳᠠ ᠡᠯᠭᠦᠭᠰᠡᠨ ᠤᠯᠤᠰ ᠤᠨ ᠰᠦᠯᠳᠡ ᠬᠤᠷᠴᠠ ᠤᠯᠠᠭᠠᠨ ᠲᠤᠬ ᠯᠤᠭ᠎ᠠ ᠥᠩᠭᠡ ᠢᠯᠭᠠᠷᠠᠨ ᠭᠡᠷᠡᠯ ᠰᠠᠴᠤᠷᠠᠩᠬᠠᠨ ᠬᠠᠷᠠᠭᠳᠠᠨ᠎ᠠ ᠃

ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠵᠤᠤ ᠯᠧ ᠵᠢᠢ ᠶᠡᠭᠡ ᠬᠤᠷᠠᠯ ᠢ ᠡᠷᠭᠢᠯᠡᠪᠡ ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ ᠂ ᠭᠦᠢᠴᠡᠳᠭᠡᠭᠴᠢ ᠲᠡᠷᠢᠭᠦᠯᠡᠭᠴᠢ ᠯᠢ ᠭᠠᠨ ᠵᠢᠶᠧ᠂ ᠯᠢ ᠬᠤᠩ ᠵᠦᠩ ᠂ ᠸᠠᠩ ᠳ᠋ᠦᠩ ᠮᠢᠩ ᠂ ᠰᠢᠶᠣᠣ ᠵᠢᠶᠧ ᠂ ᠵᠧᠩ ᠵᠢᠶᠠᠨ ᠪᠠᠩ᠂ ᠳ᠋ᠢᠩ ᠵᠦᠩ ᠯᠢ ᠂ ᠬᠤᠤ ᠮᠢᠩ ᠶᠢᠨ᠂ ᠼᠠᠢ ᠳ᠋ᠠ ᠹᠧᠩ ᠂ ᠾᠧ ᠸᠧᠢ᠂ ᠦ᠋ ᠸᠧᠢ ᠬᠤᠸᠠ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ ᠃
ᠰᠢ ᠶᠢᠨ ᠫᠢᠩ ᠂ ᠯᠢ ᠺᠧ ᠴᠢᠶᠠᠩ ᠂ ᠯᠢ ᠵᠠᠨ ᠱᠣ᠋᠂ ᠸᠠᠩ ᠶᠠᠩ ᠂ ᠯᠢ ᠴᠢᠶᠠᠩ ᠂ ᠸᠠᠩ ᠬᠤ᠋ ᠨᠢᠩ ᠂ ᠬᠠᠨ ᠵᠧᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠸᠠᠩ ᠴᠢ ᠱᠠᠨ ᠨᠠᠷ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ ᠃
ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ 2977 ᠬᠥᠮᠥᠨ ᠣᠷᠤᠯᠴᠠᠬᠤ ᠶᠣᠰᠣᠲᠠᠢ ᠃ 5 ᠤ ᠡᠳᠥᠷ ᠦᠨ ᠦᠳᠡ ᠶᠢᠨ ᠡᠮᠦᠨᠡᠬᠢ ᠬᠤᠷᠠᠯ ᠳᠤ 2948 ᠬᠥᠮᠥᠨ ᠣᠷᠣᠯᠴᠠᠵᠤ ᠂ 29 ᠬᠥᠮᠥᠨ ᠣᠷᠣᠯᠴᠠᠬᠰᠠᠨ ᠦᠭᠡᠢ ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠨ᠎ᠡ ᠃
ᠦᠳᠡ ᠶᠢᠨ ᠡᠮᠦᠨᠡᠬᠢ 9 ᠴᠠᠭ ᠲᠤ ᠂ ᠵᠣᠣ ᠯᠧ ᠵᠢᠢ ᠄ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠡᠬᠢᠯᠡᠯ᠎ᠡ ᠭᠡᠵᠦ ᠨᠡᠶᠢᠲᠡᠯᠡᠪᠡ ᠃ ᠪᠦᠭᠦᠳᠡᠭᠡᠷ ᠢᠶᠠᠨ ᠪᠣᠰᠴᠤ ᠵᠣᠭᠰᠣᠨ᠂ ᠴᠡᠷᠢᠭ ᠤᠨ ᠬᠥᠭᠵᠢᠮ ᠤᠨ ᠠᠩᠭᠢ ᠶᠢᠨ ᠬᠥᠭᠵᠢᠮ ᠤᠨ ᠬᠠᠪᠰᠤᠷᠭᠠᠯ ᠳᠣᠣᠷ᠎ᠠ ᠤᠯᠤᠰ ᠤᠨ ᠰᠦᠯᠳᠡ ᠳᠠᠭᠤᠤ ᠶᠢ ᠬᠠᠩᠭᠢᠨᠠᠲᠠᠯ᠎ᠠ ᠳᠠᠭᠤᠯᠠᠪᠠ ᠃

ᠬᠤᠷᠠᠯ ᠤᠨ ᠵᠥᠪᠯᠡᠭᠦ ᠵᠦᠢᠯᠡᠰ ᠢ ᠦᠨᠳᠦᠰᠦᠯᠡᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠳᠡᠭᠡᠷ᠎ᠡ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ ᠃ ᠢᠯᠡᠳᠬᠡᠯ ᠨᠢ 2 ᠬᠡᠰᠡᠭ ᠢᠶᠠᠷ ᠪᠦᠷᠢᠯᠳᠦᠵᠡᠢ ᠄ ᠨᠢᠭᠡ᠂ ᠥᠩᠭᠡᠷᠡᠭᠰᠡᠨ ᠨᠢᠭᠡ ᠵᠢᠯ ᠪᠠ ᠲᠠᠪᠤᠨ ᠵᠢᠯ ᠤᠨ ᠠᠵᠢᠯ ᠤᠨ ᠡᠷᠭᠢᠴᠡᠭᠦᠯᠦᠯ︔ ᠬᠤᠶᠠᠷ ᠂ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ ᠃
ᠯᠢ ᠺᠧ ᠴᠢᠶᠠᠩ ᠢᠯᠡᠳᠬᠡᠯ ᠳᠡᠭᠡᠨ ᠂ 2022 ᠣᠨ ᠪᠣᠯ ᠨᠠᠮ ᠪᠣᠯᠣᠨ ᠤᠯᠤᠰ ᠤᠨ ᠲᠡᠦᠬᠡᠨ ᠳᠠᠬᠢ ᠲᠤᠶᠢᠯ ᠤᠨ ᠴᠢᠬᠤᠯᠠ ᠨᠢᠭᠡ ᠵᠢᠯ ᠪᠣᠯᠣᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠠᠮᠵᠢᠯᠲᠠᠲᠠᠢ ᠬᠤᠷᠠᠯᠳᠤᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠤᠭ᠎ᠠ ᠲᠥᠰᠥᠪ ᠢ ᠵᠢᠷᠤᠭᠯᠠᠪᠠ ᠃ ᠲᠤᠬᠰᠢᠨ ᠰᠠᠯᠬᠢ ᠰᠢᠷᠦᠭᠦᠨ ᠳᠠᠪᠠᠯᠭᠠᠨ ᠪᠦᠬᠦᠢ ᠳᠡᠯᠡᠬᠡᠢ ᠶᠢᠨ ᠣᠷᠴᠢᠨ ᠨᠥᠬᠦᠴᠡᠯ ᠪᠣᠯᠣᠨ ᠪᠡᠷᠬᠡ ᠬᠠᠲᠠᠭᠤᠵᠢᠯᠲᠠᠢ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠶᠢᠨ ᠡᠮᠦᠨ᠎ᠡ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠦᠴᠢᠷ ᠢ ᠰᠥᠷᠦᠨ ᠤᠷᠤᠭᠰᠢᠯᠠᠵᠤ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠂ ᠠᠵᠤ ᠠᠬᠤᠢ ᠶᠢ ᠲᠣᠭᠲᠠᠭᠤᠨ ᠪᠠᠶᠢᠯᠭᠠᠬᠤ ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠠᠵᠤ ᠠᠬᠤᠢ ᠶᠢᠨ ᠲᠣᠭᠲᠠᠭᠤᠨ ᠡᠷᠭᠢᠯᠲᠡ᠂ ᠬᠥᠭᠵᠢᠯᠲᠡ ᠶᠢᠨ ᠶᠠᠰᠤ ᠴᠢᠨᠠᠷ ᠤᠨ ᠲᠣᠭᠲᠠᠭᠤᠨ ᠳᠡᠭᠡᠭᠰᠢᠯᠡᠯᠲᠡ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠠᠲᠤᠯᠠᠬᠤ ᠶᠢ ᠪᠡᠶᠡᠯᠡᠭᠦᠯᠵᠦ ᠂ ᠮᠠᠨ ᠤ ᠤᠯᠤᠰ ᠤᠨ ᠬᠥᠭᠵᠢᠯᠲᠡ ᠲᠤᠶᠢᠯ ᠤᠨ ᠭᠢᠯᠪᠠᠷ ᠪᠤᠰᠤ ᠪᠠᠷ ᠲᠡᠮᠡᠴᠡᠨ ᠣᠯᠣᠭᠰᠠᠨ ᠰᠢᠨ᠎ᠡ ᠠᠮᠵᠢᠯᠲᠠ ᠪᠦᠲᠦᠮᠵᠢ ᠶᠢ ᠣᠯᠵᠠᠢ ᠭᠡᠵᠦ ᠵᠢᠭᠠᠵᠤ ᠭᠠᠷᠭᠠᠪᠠ ᠃
ᠯᠢ ᠺᠧ ᠴᠢᠶᠠᠩ ᠢᠯᠡᠳᠬᠡᠯ ᠳᠡᠭᠡᠨ ᠂ ᠥᠩᠭᠡᠷᠡᠭᠰᠡᠨ ᠲᠠᠪᠤᠨ ᠵᠢᠯ ᠪᠣᠯ ᠲᠤᠶᠢᠯ ᠤᠨ ᠶᠡᠷᠦ ᠪᠤᠰᠤ ᠶᠢᠨ ᠂ ᠲᠤᠶᠢᠯ ᠤᠨ ᠵᠢᠷ ᠤᠨ ᠪᠤᠰᠤ ᠶᠢᠨ ᠶᠤᠮ ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠂ ᠪᠢᠳᠠ ᠳᠡᠯᠡᠬᠡᠢ ᠶᠢᠨ ᠬᠤᠪᠢᠰᠤᠯᠲᠠ ᠶᠢᠨ ᠲᠦᠷᠭᠡᠨ ᠬᠤᠪᠢᠷᠠᠯᠲᠠ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠂ ᠤᠯᠤᠰ ᠤᠨ ᠳᠣᠲᠣᠭᠠᠳᠤ ᠶᠢᠨ ᠠᠵᠤ ᠠᠬᠤᠢ ᠤᠷᠤᠭᠤᠳᠠᠬᠤ ᠵᠡᠷᠭᠡ ᠤᠯᠠᠨ ᠳᠠᠪᠬᠤᠷ ᠰᠢᠯᠭᠠᠯᠲᠠ ᠶᠢ ᠳᠠᠭᠠᠭᠠᠵᠤ ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠂ ᠲᠣᠭᠲᠠᠭᠰᠠᠨ ᠬᠤᠭᠤᠴᠠᠭᠠᠨ ᠳᠤ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠵᠦ ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠢᠶᠠᠨ ᠡᠬᠢᠯᠡᠭᠦᠯᠵᠡᠢ ᠭᠡᠵᠦ ᠵᠢᠭᠠᠵᠤ ᠭᠠᠷᠭᠠᠪᠠ ᠃
ᠯᠢ ᠺᠧ ᠴᠢᠶᠠᠩ ᠢᠯᠡᠳᠬᠡᠯ ᠳᠡᠭᠡᠨ᠂ ᠲᠠᠪᠤᠨ ᠵᠢᠯ ᠤᠨ ᠲᠤᠷᠰᠢ ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠂ ᠬᠤᠷᠸ᠎ᠠ ᠡᠵᠡᠮᠰᠢᠯ ᠲᠣᠬᠢᠷᠠᠭᠤᠯᠭ᠎ᠠ ᠶᠢᠨ ᠰᠢᠨ᠎ᠡ ᠶᠢ ᠡᠭᠦᠳᠴᠦ ᠂ ᠠᠵᠤ ᠠᠬᠤᠢ ᠶᠢᠨ ᠡᠷᠭᠢᠯᠲᠡ ᠵᠣᠬᠢᠰᠲᠠᠢ ᠬᠡᠪᠴᠢᠶᠡᠨ ᠳᠤ ᠪᠠᠶᠢᠬᠤ ᠶᠢ ᠪᠠᠲᠤᠯᠠᠪᠠ ︔ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠪᠠ ︔ ᠭᠤᠣᠯᠳᠠᠯᠭ᠎ᠠ ᠲᠠᠢ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠨᠠᠩ ᠶᠡᠭᠡ ᠪᠠᠷ ᠭᠦᠭᠵᠢᠭᠡᠪᠠ ︔ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠡᠰ ᠳᠡᠪᠰᠢᠭᠦ ᠶᠢ ᠠᠭᠢᠭᠤᠯᠪᠠ ︔ ᠤᠯᠤᠰ ᠤᠨ ᠳᠣᠲᠣᠭᠠᠳᠤ ᠶᠢᠨ ᠪᠦᠲᠦᠮᠵᠢᠲᠡᠢ ᠬᠡᠷᠡᠭᠴᠡᠭᠡ ᠶᠢ ᠥᠷᠭᠡᠳᠬᠡᠵᠦ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢ ᠠᠭᠢᠭᠤᠯᠪᠠ ︔ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠶᠡᠭᠡ ᠪᠠᠷ ᠭᠡᠷᠡᠭᠵᠢᠭᠦᠯᠪᠠ ︔ ᠭᠠᠳᠠᠭᠠᠳᠤ ᠨᠡᠭᠡᠭᠡᠯᠲᠡ ᠪᠠᠨ ᠡᠷᠡᠰ ᠥᠷᠭᠡᠳᠬᠡᠵᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠠ ︔ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠭᠢᠭᠤᠯᠪᠠ ︔ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ ᠂ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠲᠦᠷᠭᠡᠳᠭᠡᠪᠠ ︔ ᠵᠠᠰᠠᠭ ᠤᠨ ᠣᠷᠳᠣᠨ ᠤ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠠ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠭᠦ ᠶᠢ ᠠᠬᠢᠭᠤᠯᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠭᠡᠵᠦ ᠵᠢᠭᠠᠵᠤ ᠭᠠᠷᠭᠠᠪᠠ ᠃
ᠯᠢ ᠺᠧ ᠴᠢᠶᠠᠩ ᠢᠯᠡᠳᠬᠡᠯ ᠳᠡᠭᠡᠨ ᠂ ᠡᠳᠡᠭᠡᠷ ᠵᠢᠯ ᠳᠤ ᠮᠠᠨ ᠤ ᠤᠯᠤᠰ ᠤᠨ ᠬᠥᠭᠵᠢᠯᠲᠡ ᠳᠤ ᠣᠯᠣᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠶᠢᠨ ᠦᠷ᠎ᠡ ᠳ᠋ᠦᠩ ᠮᠥᠨ ᠂ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ ᠭᠡᠵᠦ ᠵᠢᠭᠠᠵᠤ ᠭᠠᠷᠭᠠᠪᠠ ᠃
ᠯᠢ ᠺᠧ ᠴᠢᠶᠠᠩ ᠢᠯᠡᠳᠬᠡᠯ ᠳᠡᠭᠡᠨ ᠂ ᠮᠠᠨ ᠤ ᠤᠯᠤᠰ ᠪᠣᠯ ᠬᠥᠭᠵᠢᠵᠦ ᠪᠠᠶᠢᠭ᠎ᠠ ᠲᠣᠮᠣ ᠤᠯᠤᠰ ᠮᠥᠨ ᠂ ᠨᠡᠶᠢᠭᠡᠮ ᠵᠢᠷᠤᠮ ᠤᠨ ᠠᠩᠬᠠᠨ ᠤ ᠱᠠᠲᠦ ᠦᠶ᠎ᠡ ᠳᠤ ᠣᠷᠣᠰᠢᠵᠤ ᠂ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠮᠥᠨ ᠬᠦ ᠲᠣᠪᠣᠶᠢᠮ᠎ᠠ ᠣᠷᠣᠰᠢᠵᠤ ᠪᠠᠶᠢᠭᠰᠠᠭᠠᠷ ᠭᠡᠳᠡᠭ ᠢ ᠰᠡᠷᠭᠡᠭ ᠢᠶᠠᠷ ᠲᠠᠨᠢᠬᠤ ᠬᠡᠷᠡᠭᠲᠡᠢ ᠃ ᠠᠰᠠᠭᠤᠳᠠᠯ ᠪᠠ ᠥᠷᠢᠰᠦᠯᠳᠦᠭᠡᠨ ᠳᠤ ᠰᠢᠭᠤᠳ ᠬᠠᠨᠳᠤᠵᠤ ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠵᠠᠰᠠᠭ ᠤᠨ ᠣᠷᠳᠣᠨ ᠤ ᠠᠵᠢᠯ ᠢ ᠰᠠᠶᠢᠵᠢᠷᠠᠭᠤᠯᠵᠤ ᠂ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠵᠦ ᠪᠤᠯᠬᠤ ᠦᠭᠡᠢ ᠭᠡᠵᠦ ᠵᠢᠭᠠᠵᠤ ᠭᠠᠷᠭᠠᠪᠠ ᠃
ᠯᠢ ᠺᠧ ᠴᠢᠶᠠᠩ ᠢᠯᠡᠳᠬᠡᠯ ᠳᠡᠭᠡᠨ ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠡᠭᠢᠯᠡᠯᠲᠡ ᠶᠢᠨ ᠵᠢᠯ ᠪᠣᠯᠣᠨ᠎ᠠ ᠃ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ ᠄ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤᠨ ᠳᠤ 1200 ᠲᠦᠮᠡ ᠣᠷᠴᠢᠮ ᠬᠥᠮᠥᠨ ᠳᠤ ᠰᠢᠨ᠎ᠡ ᠪᠠᠷ ᠠᠵᠢᠯ ᠣᠯᠭᠤᠵᠤ ᠂ ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠶᠢ 5.5% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠥᠰᠦᠯᠲᠡ ᠶᠢ 3% ᠣᠷᠴᠢᠮ ᠪᠠᠶᠢᠯᠭᠠᠨ᠎ᠠ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠠ ᠠᠵᠤ ᠠᠬᠤᠢ ᠶᠢᠨ ᠨᠡᠮᠡᠭᠳᠡᠯ ᠢ ᠦᠨᠳᠦᠰᠦᠨ ᠳᠡᠭᠡᠨ ᠠᠳᠠᠯᠢ ᠠᠯᠬᠤᠮ ᠳᠤ ᠪᠠᠶᠢᠯᠭᠠᠨ᠎ᠠ︔ ᠭᠠᠳᠠᠭᠠᠳᠤ ᠠᠴᠠ ᠤᠷᠤᠭᠤᠯᠬᠤ ᠪᠠ ᠭᠠᠳᠠᠭᠠᠳᠤ ᠳᠤ ᠭᠠᠷᠭᠠᠬᠤ ᠶᠢ ᠲᠣᠭᠲᠠᠭᠤᠨ ᠪᠠᠶᠢᠯᠭᠠᠬᠤ ᠶᠢ ᠠᠬᠢᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠂ ᠤᠯᠠᠨ ᠤᠯᠤᠰ ᠤᠨ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ︔ ᠠᠮᠤ ᠪᠤᠳᠠᠭᠠᠨ ᠤ ᠤᠨᠠᠯᠲᠠ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠲᠤᠯᠠᠨ᠎ᠠ︔ ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠪᠠ ᠭᠤᠣᠯ ᠪᠤᠯᠬᠤ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠵᠤ᠂ ᠨᠡᠭᠦᠷᠡᠰᠦ ᠴᠢᠯᠠᠭᠤᠨ ᠲᠣᠰᠣ ᠬᠡᠢ ᠵᠡᠷᠭᠡ ᠴᠢᠯᠠᠭᠤᠵᠢᠮᠠᠯ ᠡᠨᠧᠷᠭᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠬᠢᠵᠠᠭᠠᠷᠯᠠᠵᠤ ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠢᠶᠠᠷ ᠰᠠᠶᠢᠵᠢᠷᠠᠭᠤᠯᠤᠨ᠎ᠠ ᠭᠡᠵᠦ ᠵᠢᠭᠠᠵᠤ ᠭᠠᠷᠭᠠᠵᠠᠢ ᠃
ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠭᠤᠯᠭ᠎ᠠ ᠳᠠᠭᠠᠨ ᠯᠢ ᠺᠧ ᠴᠢᠶᠠᠩ ᠬᠡᠳᠦᠨ ᠵᠦᠢᠯ ᠤᠨ ᠭᠤᠣᠯᠳᠠᠯᠭ᠎ᠠ ᠶᠢ ᠳᠤᠷᠠᠳᠴᠠᠢ ᠄ ᠨᠢᠭᠡ ᠳᠤ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠭᠡᠨ᠎ᠡ ︔ ᠬᠤᠶᠠᠷ ᠲᠤ ᠂ ᠣᠳᠣᠬᠢᠴᠢᠯᠠᠭᠰᠠᠨ ᠠᠵᠤ ᠦᠢᠯᠡᠰ ᠤᠨ ᠶᠢ ᠲᠦᠷᠭᠡᠪᠴᠢᠯᠡᠨ ᠪᠠᠶᠢᠭᠤᠯᠤᠨ᠎ᠠ ︔ ᠭᠤᠷᠪᠠ ᠳᠤ ᠂ 《ᠬᠤᠶᠠᠷ ᠥᠴᠥᠬᠡᠨ ᠴᠦ ᠭᠤᠶᠢᠪᠢᠰᠢ ᠦᠭᠡᠢ ᠪᠠᠶᠢᠬᠤ》 ᠦᠨᠡᠨ ᠬᠦ ᠨᠠᠶᠢᠳᠠᠪᠤᠷᠢᠵᠢᠭᠤᠯᠤᠨ᠎ᠠ ︔ ᠳᠥᠷᠪᠡ ᠳᠤ ᠂ ᠭᠠᠳᠠᠭᠠᠳᠤ ᠪᠡᠯᠡ ᠶᠢ ᠨᠠᠩ ᠶᠡᠭᠡ ᠡᠷᠴᠢᠮ ᠢᠶᠠᠷ ᠲᠠᠲᠠᠨ ᠤᠷᠤᠭᠤᠯᠬᠤ ᠪᠠ ᠠᠰᠢᠬᠯᠠᠨ᠎ᠠ ︔ ᠲᠠᠪᠤ ᠳᠤ ᠂ ᠠᠵᠤ ᠠᠬᠤᠢ ᠮᠥᠩᠭᠦᠨ ᠭᠦᠢᠯᠭᠡᠭᠡᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠨ᠎ᠠ ︔ ᠵᠢᠷᠭᠤᠭ᠎ᠠ ᠳᠤ ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠭᠢᠭᠤᠯᠤᠨ᠎ᠠ ︔ ᠲᠤᠯᠤᠭ᠎ᠠ ᠳᠤ ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠠᠭᠢᠭᠤᠯᠤᠨ᠎ᠠ ︔ ᠨᠠᠢᠮᠠ ᠳᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ ᠨᠡᠶᠢᠭᠡᠮ ᠤᠨ ᠠᠵᠢᠯ ᠦᠢᠯᠡᠰ ᠢ ᠬᠥᠭᠵᠢᠭᠦᠯᠦᠨ᠎ᠡ ᠃
ᠢᠯᠡᠳᠬᠡᠯ ᠳᠤ ᠂ ᠯᠢ ᠺᠧ ᠴᠢᠶᠠᠩ ᠪᠠᠰᠠ ᠦᠨᠳᠦᠰᠦᠲᠡᠨ ᠂ ᠱᠠᠰᠢᠨ ᠰᠤᠷᠲᠠᠬᠤᠨ ᠪᠣᠯᠣᠨ ᠬᠠᠷᠢᠶᠠᠲᠤ ᠨᠠᠷ ᠤᠨ ᠠᠵᠢᠯ ᠂ ᠤᠯᠤᠰ ᠤᠨ ᠪᠠᠲᠤᠯᠠᠨ ᠠᠮᠠᠭᠠᠯᠠᠯᠲᠠ ᠪᠣᠯᠣᠨ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠂ ᠰᠢᠶᠠᠩᠭᠠᠩ ᠂ ᠣᠣᠮᠧᠨ ᠤ ᠬᠥᠭᠵᠢᠯᠲᠡ ᠪᠣᠯᠣᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠯᠴᠠᠭ᠎ᠠ ᠵᠢᠴᠢ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢᠨ ᠲᠤᠬᠠᠢ ᠲᠣᠳᠣᠷᠬᠠᠶᠢᠯᠠᠨ ᠥᠭᠦᠯᠡᠵᠡᠢ ᠃
ᠯᠢ ᠺᠧ ᠴᠢᠶᠠᠩ ᠤᠨ ᠢᠯᠡᠳᠬᠡᠯ ᠬᠠᠯᠠᠭᠤᠨ ᠠᠯᠠᠭ᠎ᠠ ᠲᠡᠰᠢᠯᠲᠡ ᠶᠢ ᠣᠯᠪᠠ ᠃
ᠬᠤᠷᠠᠯ ᠤᠨ ᠵᠥᠪᠯᠡᠭᠦ ᠵᠦᠢᠯᠡᠰ ᠢ ᠦᠨᠳᠦᠰᠦᠯᠡᠨ ᠂ ᠶᠡᠭᠡ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠂ ᠲᠥᠷᠥ ᠶᠢᠨ ᠶᠠᠪᠤᠳᠠᠯ ᠤᠨ ᠬᠤᠷᠢᠶᠠᠨ ᠤ 2022 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠤᠨ ᠲᠤᠬᠠᠢ ᠮᠡᠳᠡᠭᠦᠯᠦᠯᠲᠡ ᠵᠢᠴᠢ 2023 ᠣᠨ ᠤ ᠲᠥᠪ ᠤᠨ ᠪᠠ ᠣᠷᠣᠨ ᠨᠤᠲᠤᠭ ᠤᠨ ᠲᠥᠰᠥᠪ ᠤᠨ ᠲᠥᠰᠥᠯ ᠢ ᠬᠢᠨᠠᠨ ᠪᠠᠶᠢᠴᠠᠭᠠᠨ᠎ᠠ ᠃
ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠡᠳ᠋ ᠬᠤᠷᠢᠶᠠᠨ ᠳᠠᠷᠤᠭ᠎ᠠ ᠸᠠᠩ ᠴᠧᠨ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠬᠢᠪᠡ᠃
ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠲᠣᠳᠣᠷᠬᠠᠶᠢᠯᠠᠯᠲᠠ ᠳᠤ ᠂ ᠬᠠᠤᠯᠢ ᠲᠣᠭᠲᠠᠭᠠᠬᠤ ᠪᠣᠯ ᠤᠯᠤᠰ ᠤᠨ ᠴᠢᠬᠤᠯᠠ ᠤᠯᠤᠰ ᠲᠦᠷᠦ ᠶᠢᠨ ᠠᠵᠢᠯᠯᠠᠭ᠎ᠠ ᠮᠥᠨ ᠂ ᠨᠠᠮ ᠤᠨ ᠵᠣᠷᠢᠯᠲᠠ ᠪᠠ ᠠᠷᠠᠳ ᠲᠦᠮᠡᠨ ᠤ ᠵᠣᠷᠢᠭ ᠰᠠᠨᠠᠭ᠎ᠠ ᠶᠢ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠳᠠᠮᠵᠢᠭᠤᠯᠤᠨ ᠲᠦᠷᠦ ᠶᠢᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠬᠤ ᠶᠠᠪᠤᠴᠠ ᠮᠥᠨ ᠂ ᠲᠡᠷᠡ ᠨᠢ ᠨᠠᠮ ᠪᠠ ᠤᠯᠤᠰ ᠤᠨ ᠠᠵᠢᠯ ᠦᠢᠯᠡᠰ ᠤᠨ ᠬᠥᠭᠵᠢᠯᠲᠡ ᠶᠢᠨ ᠪᠦᠭᠦ ᠲᠠᠯ᠎ᠠ ᠳᠤ ᠬᠤᠯᠪᠣᠭᠳᠠᠵᠤ ᠪᠠᠶᠢᠳᠠᠭ ᠃ ᠬᠠᠤᠯᠢ ᠲᠣᠭᠲᠠᠭᠠᠬᠤ ᠬᠠᠤᠯᠢ ᠪᠣᠯ ᠤᠯᠤᠰ ᠤᠨ ᠬᠠᠤᠯᠢ ᠲᠣᠭᠲᠠᠭᠠᠬᠤ ᠳᠦᠷᠢᠮ ᠪᠠ ᠬᠠᠤᠯᠢ ᠲᠣᠭᠲᠠᠭᠠᠬᠤ ᠠᠵᠢᠯᠯᠠᠭ᠎ᠠ ᠶᠢ ᠵᠢᠷᠤᠮᠵᠢᠭᠤᠯᠵᠤ ᠂ ᠨᠡᠶᠢᠭᠡᠮ ᠵᠢᠷᠤᠮ ᠤᠨ ᠬᠠᠤᠯᠢᠵᠢᠯ ᠤᠨ ᠨᠢᠭᠡᠳᠦᠯ ᠢ ᠬᠠᠮᠠᠭᠠᠯᠠᠬᠤ ᠦᠨᠳᠦᠰᠦᠨ ᠬᠠᠤᠯᠢ ᠴᠠᠭᠠᠵᠠ ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠪᠦᠭᠦ ᠲᠠᠯ᠎ᠠ ᠪᠠ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠂ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠠᠯᠢ ᠤᠯᠠᠨ ᠴᠢᠬᠤᠯᠠ ᠶᠡᠭᠡ ᠪᠠᠶᠢᠷᠢᠯᠠᠭᠤᠯᠤᠯᠲᠠ ᠬᠢᠵᠦ ᠂ ᠠᠯᠢ ᠤᠯᠠᠨ ᠴᠢᠬᠤᠯᠠ ᠶᠡᠭᠡ ᠠᠵᠢᠯ ᠢ ᠠᠬᠢᠭᠤᠯᠵᠤ᠂ ᠲᠡᠦᠬᠡᠲᠦ ᠴᠢᠨᠠᠷᠲᠠᠢ ᠠᠮᠵᠢᠯᠲᠠ ᠣᠯᠵᠠᠢ ᠃ ᠶᠡᠷᠦᠩᠬᠡᠢ ᠱᠦᠵᠢ ᠰᠢ ᠶᠢᠨ ᠫᠢᠩ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠂ ᠬᠠᠤᠯᠢ ᠲᠣᠭᠲᠠᠭᠠᠬᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤ ᠦᠨᠳᠦᠰᠦᠨ ᠵᠢᠷᠤᠮᠯᠠᠯ ᠬᠠᠩᠭᠠᠵᠠᠢ ᠭᠡᠵᠦ ᠵᠢᠭᠠᠵᠤ ᠃
ᠲᠣᠳᠣᠷᠬᠠᠶᠢᠯᠠᠯᠲᠠ ᠳᠤ ᠂ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠪᠣᠯ ᠰᠢᠨ᠎ᠡ ᠴᠠᠭ ᠦᠶ᠎ᠡ ᠳᠤ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ ᠂ ᠬᠠᠤᠯᠢᠵᠢᠯ ᠢᠶᠠᠷ ᠳᠠᠮᠵᠢᠭᠤᠯᠤᠨ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠡᠷᠡᠭᠵᠢᠭᠦᠯᠬᠦ ᠶᠢ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ︔ ᠰᠢᠨ᠎ᠡ ᠴᠠᠭ ᠦᠶ᠎ᠡ ᠳᠤ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠬᠥᠭᠵᠢᠭᠦᠯᠵᠦ ᠂ ᠬᠠᠤᠯᠢᠵᠢᠯ ᠢᠶᠠᠷ ᠳᠠᠮᠵᠢᠭᠤᠯᠤᠨ ᠠᠷᠠᠳ ᠲᠦᠮᠡᠨ ᠤ ᠡᠵᠡᠨ ᠰᠠᠭᠤᠵᠤ ᠡᠷᠬᠡ ᠮᠡᠳᠡᠭᠦ ᠶᠢ ᠪᠠᠲᠤᠯᠠᠬᠤ ᠶᠢᠨ ᠪᠤᠰᠤᠳᠴᠢ ᠱᠠᠭᠠᠷᠳᠠᠯᠭ᠎ᠠ ᠮᠥᠨ ︔ ᠰᠢᠨ᠎ᠡ ᠴᠠᠭ ᠦᠶ᠎ᠡ ᠳᠤ ᠪᠦᠭᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠂ ᠦᠨᠳᠦᠰᠦᠨ ᠬᠠᠤᠯᠢ ᠪᠠᠷ ᠤᠯᠤᠰ ᠢᠶᠠᠨ ᠵᠠᠰᠠᠬᠤ ᠶᠢ ᠠᠬᠢᠭᠤᠯᠬᠤ ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠲᠦᠭᠡᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ︔ ᠰᠢᠨ᠎ᠡ ᠴᠠᠭ ᠦᠶ᠎ᠡ ᠳᠤ ᠥᠭᠡᠷᠡᠴᠢᠯᠡᠯᠲᠡ ᠪᠠ ᠬᠠᠤᠯᠢᠵᠢᠯ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠭᠰᠡᠨ ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠵᠦ ᠂ ᠬᠠᠤᠯᠢᠵᠢᠯ ᠤᠨ ᠳᠣᠣᠷ᠎ᠠ ᠥᠭᠡᠷᠡᠴᠢᠯᠡᠯᠲᠡ ᠶᠢ ᠠᠬᠢᠭᠤᠯᠬᠤ ᠪᠠ ᠥᠭᠡᠷᠡᠴᠢᠯᠡᠯᠲᠡ ᠶᠢᠨ ᠳᠤᠮᠳᠠ ᠬᠠᠤᠯᠢᠵᠢᠯ ᠢ ᠲᠡᠭᠦᠯᠳᠡᠷᠵᠢᠭᠦᠯᠬᠦ ᠶᠢ ᠨᠢᠭᠡᠳᠬᠡᠬᠦ ᠶᠢ ᠨᠡᠩ ᠰᠠᠶᠢᠲᠤᠷ ᠪᠠᠷᠢᠮᠲᠠᠯᠠᠬᠤ ᠶᠢᠨ ᠠᠬᠤᠶᠢᠴᠢ ᠱᠠᠭᠠᠷᠳᠠᠯᠭ᠎ᠠ ᠪᠣᠯᠣᠨ᠎ᠠ ᠃ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠨᠡᠶᠢᠳᠡ 37 ᠵᠦᠢᠯ ᠪᠠᠶᠢᠨ᠎ᠠ ᠃ ᠨᠢᠭᠡ ᠳᠤ ᠂ ᠬᠠᠤᠯᠢ ᠲᠣᠭᠲᠠᠭᠠᠬᠤ ᠵᠢᠯᠤᠭᠤᠳᠬᠤ ᠦᠵᠡᠯ ᠰᠠᠨᠠᠭ᠎ᠠ ᠪᠠ ᠵᠠᠷᠴᠢᠮ ᠢ ᠲᠡᠭᠦᠯᠳᠡᠷᠵᠢᠭᠦᠯᠦᠨ᠎ᠡ ︔ ᠬᠤᠶᠠᠷ ᠲᠤ ᠂ ᠦᠨᠳᠦᠰᠦᠨ ᠬᠠᠤᠯᠢ ᠳᠤ ᠨᠡᠶᠢᠴᠡᠭᠦ ᠡᠰᠡᠬᠦ ᠶᠢ ᠬᠢᠨᠠᠨ ᠪᠠᠶᠢᠴᠠᠭᠠᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢ ᠲᠣᠳᠣᠷᠬᠠᠶᠢᠯᠠᠨ᠎ᠠ ︔ ᠭᠤᠷᠪᠠ ᠳᠤ ᠂ ᠬᠠᠤᠯᠢ ᠲᠣᠭᠲᠠᠭᠠᠬᠤ ᠰᠢᠢᠳᠪᠦᠷᠢᠲᠦ ᠪᠣᠳᠣᠯᠭ᠎ᠠ ᠬᠢᠭᠡᠳ ᠥᠭᠡᠷᠡᠴᠢᠯᠡᠯᠲᠡ ᠶᠢᠨ ᠰᠢᠢᠳᠪᠦᠷᠢᠲᠦ ᠪᠣᠳᠣᠯᠭ᠎ᠠ ᠶᠢ ᠵᠤᠯᠭᠠᠯᠴᠠᠭᠤᠯᠬᠤ ᠂ ᠨᠢᠭᠡᠳᠦᠭᠦᠯᠬᠦ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠎ᠡ ︔ ᠳᠥᠷᠪᠡ ᠳᠤ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠲᠣᠭᠲᠠᠭᠠᠬᠤ ᠡᠷᠬᠡ ᠶᠢᠨ ᠬᠡᠪᠴᠢᠶ᠎ᠡ ᠂ ᠬᠠᠤᠯᠢ ᠲᠣᠭᠲᠠᠭᠠᠬᠤ ᠲᠡᠰ ᠳᠠᠷᠠᠭᠠᠯᠠᠯ ᠪᠠ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ ︔ ᠲᠠᠪᠤ ᠳᠤ ᠂ ᠬᠢᠨᠠᠨ ᠪᠠᠶᠢᠴᠠᠭᠠᠬᠤ ᠪᠠᠢᠭᠤᠯᠤᠯ ᠤᠨ ᠥᠭᠡᠷᠡᠴᠢᠯᠡᠯᠲᠡ ᠶᠢᠨ ᠨᠥᠬᠦᠪᠦᠷᠢᠯᠡᠬᠦ ᠴᠢᠬᠤᠯᠠᠲᠠᠢ ᠬᠤᠯᠪᠣᠭᠳᠠᠯ ᠪᠦᠬᠦᠢ ᠠᠭᠤᠯᠭ᠎ᠠ ᠳᠤ ᠵᠣᠭᠢᠴᠠᠭᠤᠯᠤᠨᠠ ︔ ᠵᠢᠷᠭᠤᠭ᠎ᠠ ᠳᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠂ ᠳᠦᠷᠢᠮ ᠲᠣᠭᠲᠠᠭᠠᠯ ᠤᠨ ᠡᠷᠬᠡ ᠶᠢᠨ ᠬᠡᠪᠴᠢᠶ᠎ᠡ ᠪᠠ ᠲᠠᠰ ᠳᠠᠷᠠᠭᠠᠯᠠᠯ ᠢ ᠲᠡᠭᠦᠯᠳᠡᠷᠵᠢᠭᠦᠯᠦᠨ᠎ᠡ ︔ ᠳᠣᠯᠤᠭ᠎ᠠ ᠳᠤ᠂ ᠳᠡᠩᠰᠡᠯᠡᠵᠦ ᠬᠢᠨᠠᠨ ᠪᠠᠶᠢᠴᠠᠭᠠᠬᠤ ᠳᠦᠷᠢᠮ ᠢ ᠲᠡᠭᠦᠯᠳᠡᠷᠵᠢᠭᠦᠯᠦᠨ᠎ᠡ ᠭᠡᠵᠦ ᠵᠢᠭᠠᠵᠤ ᠭᠠᠷᠭᠠᠪᠠ ᠃
ᠬᠤᠷᠠᠯ ᠠᠴᠠ ᠪᠠᠲᠤᠯᠠᠯᠲᠠ ᠬᠢᠬᠦ ᠪᠠᠷ ᠲᠠᠮᠵᠢᠨ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠢ ᠪᠠᠶᠢᠭᠤᠯᠬᠤ ᠲᠤᠬᠠᠢ ᠲᠣᠭᠲᠠᠭᠠᠯ ᠢ ᠪᠠᠲᠤᠯᠠᠵᠤ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠤᠨ ᠡᠷᠭᠢᠯᠡᠭᠴᠢ ᠭᠡᠰᠢᠭᠦᠨ ᠂ ᠳᠡᠳ᠋ ᠡᠷᠭᠢᠯᠡᠭᠴᠢ ᠭᠡᠰᠢᠭᠦᠨ ᠂ ᠭᠡᠰᠢᠭᠦᠨ ᠤ ᠵᠢᠱᠢᠭᠳᠡᠭᠴᠢ ᠶᠢ ᠪᠠᠲᠤᠯᠠᠬᠤ ᠠᠷᠭ᠎ᠠ ᠶᠢ ᠪᠠᠲᠤᠯᠠᠵᠤ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠵᠥᠪᠯᠡᠯ ᠤᠨ ᠡᠷᠭᠢᠯᠡᠭᠴᠢ ᠭᠡᠰᠢᠭᠦᠨ᠂ ᠳᠡᠳ᠋ ᠡᠷᠭᠢᠯᠡᠭᠴᠢ ᠭᠡᠰᠢᠭᠦᠨ ᠂ ᠭᠡᠰᠢᠭᠦᠨ ᠤ ᠨᠡᠷᠡᠰ ᠢ ᠪᠠᠲᠤᠯᠠᠵᠤ ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠭᠢᠯᠡᠭᠴᠢ ᠭᠡᠰᠢᠭᠦᠨ ᠂ ᠳᠡᠳ᠋ ᠡᠷᠭᠢᠯᠡᠭᠴᠢ ᠭᠡᠰᠢᠭᠦᠨ᠂ ᠭᠡᠰᠢᠭᠦᠨ ᠤ ᠨᠡᠷᠡᠰ ᠢ ᠪᠠᠲᠤᠯᠠᠪᠠ ᠃
ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠭᠰᠠᠳ ᠲᠤ ᠪᠠᠰᠠ ᠄ ᠮᠠ ᠰᠢᠩ ᠷᠦᠢ ᠂ ᠸᠠᠩ ᠢ ᠂ ᠶᠢᠨ ᠯᠢ ᠂ ᠱᠢ ᠲᠠᠢ ᠹᠧᠩ ᠂ ᠯᠢᠦ ᠾᠧ ᠂ ᠯᠢᠦ ᠭᠦᠸᠧ ᠵᠦᠩ ᠂ ᠰᠢᠦᠢ ᠴᠢ ᠯᠢᠶᠠᠩ ᠂ ᠰᠦᠨ ᠴᠦᠨ ᠯᠠᠨ ᠂ ᠯᠢ ᠱᠤ᠋ ᠯᠧᠢ ᠂ ᠶᠠᠩ ᠰᠢᠶᠣᠣ ᠳ᠋ᠦ᠋᠂ ᠾᠧ ᠸᠧᠢ ᠳ᠋ᠦᠩ ᠂ ᠾᠧ ᠯᠢ ᠹᠧᠩ ᠂ ᠵᠠᠩ ᠶᠢᠦ ᠰᠢᠶᠠ ᠂ ᠵᠠᠩ ᠭᠦᠸᠧ ᠴᠢᠩ ᠂ ᠴᠧᠨ ᠸᠧᠨ ᠴᠢᠩ᠂ ᠴᠧᠨ ᠵᠢᠢ ᠨᠢᠩ ᠂ ᠴᠧᠨ ᠮᠢᠨ ᠡᠯ ᠂ ᠬᠤ᠋ ᠴᠦᠨ ᠬᠤᠸᠠ ᠂ ᠶᠤᠸᠠᠨ ᠵᠢᠶᠠ ᠵᠢᠶᠦ᠋ᠨ ᠂ ᠬᠤᠸᠠᠩ ᠺᠦᠨ ᠮᠢᠩ ᠂ ᠯᠢᠦ ᠶᠢᠨ ᠭᠦᠸᠧ ᠂ ᠸᠠᠩ ᠰᠢᠶᠣᠣ ᠬᠤᠩ ᠂ ᠼᠤᠤ ᠵᠢᠶᠠᠨ ᠮᠢᠩ ᠂ ᠵᠠᠩ ᠴᠦᠨ ᠰᠢᠶᠠᠨ ᠂ ᠱᠧᠨ ᠶᠤᠸᠠᠢ ᠶᠤᠸᠠᠢ ᠂ ᠵᠢᠢ ᠪᠢᠩ ᠰᠢᠤᠸᠠᠨ ᠂ ᠡ᠋ᠶᠢᠯᠢᠭᠧᠩ ·ᠢᠮᠢᠩᠪᠠᠭ᠋ᠠᠢ ᠂ ᠸᠠᠨ ᠧ ᠰᠢᠶᠠᠩ ᠂ ᠴᠧᠨ ᠵᠦ ᠂ ᠪᠠᠳᠮᠠᠫᠷᠠᠩᠯᠠᠢ ᠂ ᠸᠧᠢ ᠹᠧᠩ ᠾᠧ ᠂ ᠸᠠᠩ ᠶᠦᠩ ᠂ ᠵᠣᠣ ᠺᠧ ᡁᠢ᠂ ᠵᠧᠦ ᠴᠢᠶᠠᠩ᠂ ᠵᠠᠩ ᠵᠢᠶᠦ᠋ᠨ᠂ ᠯᠢᠦ ᠴᠢ ᠪᠦᠦ ᠂ ᠫᠠᠪᠠᠯᠠ· ᠭᠧᠯᠸᠭᠨᠡᠮᠵᠢᠯ ᠂ ᠸᠠᠨ ᠭᠠᠩ ᠂ ᠾᠧ ᠾᠧᠦ ᠬᠤᠸᠠ᠂ ᠯᠦ ᠵᠠᠨ ᠭᠦᠩ᠂ ᠮᠠ ᠪᠢᠶᠣᠣ ᠂ ᠴᠧᠨ ᠰᠢᠶᠣᠣ ᠭᠤᠸᠠᠩ ᠂ ᠯᠢᠶᠠᠩ ᠵᠧᠨ ᠶᠢᠩ ᠂ ᠰᠢᠶᠠ ᠪᠦᠦ ᠯᠦᠩ ᠂ ᠶᠠᠩ ᠴᠤᠸᠠᠨ ᠲᠠᠩ ᠂ ᠯᠢ ᠪᠢᠨ᠂ ᠪᠠᠭᠠᠲᠤᠷ ᠂ ᠸᠠᠩ ᠶᠦᠩ ᠴᠢᠩ ᠂ ᠰᠦ᠋ ᠡᠾᠦ᠋ᠢ ᠂ ᠭᠦ᠋ ᠱᠸᠡᠭ ᠽᠦ ᠂ ᠯᠢᠦ ᠰᠢᠨ ᠴᠧᠩ ᠂ ᠱᠤᠤ ᠬᠤᠩ ᠂ ᠭᠤᠤ ᠶᠦᠨ ᠯᠦᠩ ᠂ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠯᠢ ᠱᠠᠩ ᠹᠦ᠋ ᠂ ᠯᠢᠦ ᠵᠧᠨ ᠯᠢ ᠂ ᠮᠢᠶᠣᠣ ᠬᠤᠸᠠ ᠂ ᠵᠠᠩ ᠱᠧᠩ ᠮᠢᠨ ᠨᠠᠷ ᠪᠤᠢ ᠃
ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠯᠢ ᠵᠢᠶᠠ ᠴᠤᠤ ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ ᠵᠠᠰᠠᠭ ᠵᠠᠬᠢᠷᠭᠠᠨ ᠤ ᠳᠠᠷᠤᠭ᠎ᠠ ᠾᠧ ᠢ ᠴᠧᠩ ᠬᠤᠷᠠᠯ ᠳᠤ ᠰᠤᠯᠠ ᠣᠷᠣᠯᠴᠠᠬᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ ᠃
ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠪᠠ ᠃ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠶᠡᠭᠡ ᠬᠤᠷᠠᠯ ᠳᠤ ᠰᠤᠯᠠ ᠣᠷᠣᠯᠴᠠᠪᠠ ᠃
ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠴᠢᠯᠦᠭᠡᠯᠡᠬᠦ ᠴᠡᠷᠢᠭ ᠤᠨ ᠬᠤᠯᠪᠣᠭᠳᠠᠯ ᠪᠦᠬᠦᠢ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠂ ᠡᠯ᠎ᠡ ᠠᠷᠠᠳ ᠤᠨ ᠪᠦᠯᠭᠦᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠶᠡᠭᠡ ᠬᠤᠷᠠᠯ ᠳᠤ ᠰᠤᠯᠠ ᠣᠷᠣᠯᠴᠠᠬᠰᠠᠨ ᠪᠤᠶᠤ ᠶᠡᠭᠡ ᠬᠤᠷᠠᠯ ᠢ ᠰᠤᠯᠠ ᠰᠣᠨᠣᠰᠴᠠᠢ ᠃
ᠳᠤᠮᠳᠠᠳᠤ ᠤᠯᠤᠰ ᠲᠤ ᠰᠠᠭᠤᠭ᠎ᠠ ᠭᠠᠳᠠᠭᠠᠳᠤ ᠶᠢᠨ ᠡᠯᠴᠢᠨ ᠰᠠᠶᠢᠳ ᠶᠡᠭᠡ ᠬᠤᠷᠠᠯ ᠢ ᠰᠤᠯᠠ ᠰᠣᠨᠣᠰᠪᠠ ᠃