ᠵᠤᠬᠢᠶᠠᠭᠴᠢ: ᠴᠠᠭ:2023-03-17 ᠥᠵᠡᠭᠰᠡᠨ : ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾  
ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠲᠠᠯᠪᠢᠪᠠ ᠼᠠᠢ ᠴᠢ ᠣᠷᠣᠯᠴᠠᠵᠠᠢ

 

ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ 2023  3   15 ᠤ ᠡᠳᠦᠷ ᠪᠡᠭᠡᠵᠢᠩ ᠳᠤ ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠤ ᠣᠷᠣᠯᠴᠠᠬᠰᠠᠨ ᠪᠥᠭᠡᠳ 《ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ  》 ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠲᠠᠯᠪᠢᠪᠠ ᠃ ᠲᠡᠷᠡ ᠂ ᠣᠳᠣᠬᠢᠴᠢᠯᠠᠯᠲᠠ ᠶᠢᠨ ᠲᠤᠬᠠᠢ ᠠᠯᠢ ᠣᠯᠠᠨ ᠠᠰᠠᠭᠤᠯᠲᠠ ᠳᠤ ᠴᠢᠭᠯᠡᠭᠦᠯᠦᠨ ᠂ ᠲᠥᠷᠥ ᠶᠢᠨ ᠨᠠᠮ ᠨᠢ ᠣᠳᠣᠬᠢᠴᠢᠯᠠᠯᠲᠠ ᠶᠢᠨ ᠠᠬᠢᠴᠠ ᠶᠢ ᠬᠥᠲᠥᠯᠥᠨ ᠳᠠᠭᠠᠭᠤᠯᠬᠤ ᠪᠠ ᠲᠦᠯᠬᠢᠨ ᠠᠬᠢᠭᠤᠯᠬᠤ ᠴᠢᠬᠤᠯᠠ ᠬᠦᠴᠦᠨ ᠪᠣᠯᠤᠭᠰᠠᠨ ᠤ ᠬᠤᠪᠢ ᠳᠤ ᠂ ᠬᠠᠷᠢᠭᠤᠯᠲᠠ ᠥᠭᠭᠦ ᠬᠠᠷᠢᠭᠤᠴᠠᠯᠭ᠎ᠠ ᠲᠠᠢ ᠶᠤᠮ ᠃ ᠳᠤᠮᠳᠠᠳᠤ ᠤᠯᠤᠰ ᠤᠨ ᠡᠪ ᠬᠠᠮᠲᠤ ᠨᠠᠮ ᠢᠮᠠᠭᠲᠠ ᠲᠤᠰ ᠪᠡᠶ᠎ᠡ ᠶᠢᠨ ᠬᠤᠪᠢ ᠵᠠᠶᠠᠭ᠎ᠠ ᠪᠠᠨ ᠡᠯ᠎ᠡ ᠤᠯᠤᠰ ᠤᠨ ᠠᠷᠠᠳ ᠲᠦᠮᠡᠨ ᠤ ᠬᠤᠪᠢ ᠵᠠᠶᠠᠭ᠎ᠠ ᠲᠠᠢ ᠨᠢᠭᠲᠠ ᠬᠤᠯᠪᠣᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠶᠢᠨ ᠰᠢᠨ᠎ᠡ ᠠᠮᠵᠢᠯᠲᠠ ᠪᠦᠲᠦᠮᠵᠢ ᠪᠠᠷ ᠳᠡᠯᠡᠬᠡᠢ ᠶᠢᠨ ᠬᠥᠭᠵᠢᠯᠲᠡ ᠳᠤ ᠰᠢᠨ᠎ᠡ ᠠᠵᠠ ᠲᠣᠭᠢᠶᠠᠯ ᠬᠠᠩᠭᠠᠵᠤ ᠂ ᠬᠥᠮᠥᠨ ᠲᠥᠷᠥᠯᠬᠢᠲᠡᠨ ᠤ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠳᠤ ᠰᠢᠨ᠎ᠡ ᠬᠦᠴᠦᠨ ᠨᠡᠮᠡᠷᠢᠯᠡᠵᠦ ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠤᠨᠤᠯ ᠪᠣᠯᠣᠨ ᠦᠢᠯᠡᠳᠦᠯᠭᠡ ᠶᠢᠨ ᠰᠢᠨ᠎ᠡ ᠶᠢ ᠡᠭᠦᠳᠭᠦ ᠳᠤ ᠰᠢᠨ᠎ᠡ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠨ᠎ᠠ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠠᠬᠢᠴᠠ ᠨᠤᠭᠤᠷᠠᠯ ᠪᠦᠳᠦᠷᠢᠯ ᠲᠠᠢ ᠪᠠᠶᠢᠵᠤ ᠂ ᠡᠯ᠎ᠡ ᠤᠯᠤᠰ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠭᠰᠡᠨ ᠶᠠᠪᠤᠴᠠ ᠪᠡᠷᠬᠡ ᠬᠠᠲᠠᠭᠤᠵᠢᠯᠲᠠᠢ ᠶᠤᠮ ᠃ ᠣᠳᠣᠬᠠᠨ ᠤ ᠳᠡᠯᠡᠬᠡᠢ ᠶᠢᠷᠲᠢᠨᠴᠦ ᠳᠤ ᠂ ᠤᠯᠠᠨ ᠳᠠᠪᠬᠤᠷ ᠥᠷᠢᠰᠦᠯᠳᠦᠭᠡᠨ ᠪᠠ ᠠᠶᠤᠯ ᠲᠦᠭᠰᠢᠭᠦᠷᠢ ᠰᠣᠯᠪᠢᠴᠠᠨ ᠳᠠᠪᠬᠤᠴᠠᠵᠤ ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠪᠡᠷᠬᠡ ᠬᠠᠲᠠᠭᠤᠵᠢᠯᠲᠠᠢ ᠪᠠᠶᠢᠵᠤ ᠂ ᠬᠥᠭᠵᠢᠯᠲᠡ ᠶᠢᠨ ᠵᠠᠭᠠᠭ ᠲᠠᠰᠤᠷᠠᠯᠳᠠ ᠦᠭᠡᠢ ᠶᠡᠬᠡᠰᠴᠦ ᠂ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠮᠠᠭᠤᠳᠠᠵᠤ ᠂ ᠬᠦᠢᠲᠡᠨ ᠲᠠᠶᠢᠨ ᠤ ᠰᠡᠳᠬᠢᠬᠦᠢ ᠨᠢ ᠰᠠᠷᠨᠢᠬᠤ ᠦᠭᠡᠢ ᠪᠠᠶᠢᠵᠤ ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠲᠡᠦᠬᠡ ᠶᠢᠨ ᠲᠣᠨᠣᠯᠵᠢᠨ ᠵᠠᠮ ᠳᠤ ᠳᠠᠬᠢᠨᠲᠠ ᠬᠦᠷᠴᠦ ᠢᠷᠡᠪᠡ ᠭᠡᠵᠦ ᠴᠢᠬᠤᠯᠠᠴᠢᠯᠠᠪᠠ ᠃ ᠡᠭᠦᠨ ᠤ ᠲᠤᠯᠠᠳᠠ ᠂ ᠲᠡᠷᠡ 5 ᠲᠠᠯ᠎ᠠ ᠶᠢᠨ ᠰᠠᠨᠠᠭᠠᠴᠢᠯᠠᠭ᠎ᠠ ᠳᠤᠷᠠᠳᠴᠠᠢ᠄ ᠠᠷᠠᠳ ᠲᠦᠮᠡᠨ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠰᠠᠬᠢᠵᠤ ᠂ ᠣᠳᠣᠬᠢᠴᠢᠯᠠᠯᠲᠠ ᠶᠢᠨ ᠴᠢᠭᠯᠡᠯ ᠤᠨ ᠠᠷᠠᠳᠴᠢ ᠴᠢᠨᠠᠷ ᠢ ᠲᠤᠪᠤᠶᠢᠯᠭᠠᠬᠤ ᠭᠡᠷᠡᠭᠲᠡᠢ ︔ ᠪᠡᠶ᠎ᠡ ᠪᠠᠨ ᠳᠠᠭᠠᠭᠠᠵᠤ ᠡᠵᠡᠨ ᠮᠡᠳᠡᠭᠦ ᠵᠠᠷᠴᠢᠮ ᠢ ᠪᠠᠷᠢᠮᠲᠠᠯᠠᠵᠤ ᠂ ᠣᠳᠣᠬᠢᠴᠢᠯᠠᠯᠲᠠ ᠶᠢᠨ ᠵᠠᠮ ᠤᠨ ᠣᠯᠠᠨ ᠶᠠᠩᠵᠤᠲᠤ ᠴᠢᠨᠠᠷ ᠢ ᠬᠠᠶᠢᠨ ᠰᠦᠪᠡᠭᠴᠢᠯᠡᠬᠦ ᠭᠡᠷᠡᠭᠲᠡᠶ ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠭᠦ ᠤᠬᠠᠮᠰᠠᠷ ᠢ ᠪᠤᠢ ᠪᠤᠯᠭᠠᠵᠤ ᠂ ᠣᠳᠣᠬᠢᠴᠢᠯᠠᠯᠲᠠ ᠶᠢᠨ ᠠᠬᠢᠴᠠ ᠶᠢᠨ ᠦᠷᠭᠦᠯᠵᠢᠯᠡᠬᠦ ᠴᠢᠨᠠᠷ ᠢ ᠪᠠᠲᠤᠯᠠᠬᠤ ᠭᠡᠷᠡᠭᠲᠡᠢ ︔ ᠥᠪᠡᠷ ᠢ ᠪᠠᠨ ᠱᠤᠭᠤᠵᠤ ᠥᠷᠥᠭᠡᠯ ᠪᠤᠰᠤᠳ ᠤᠨ ᠲᠥᠯᠥᠭᠡ ᠵᠢᠳᠭᠦᠭᠦ ᠵᠣᠷᠢᠭ ᠰᠠᠨᠠᠭ᠎ᠠ ᠶᠢ ᠪᠠᠳᠠᠷᠠᠭᠤᠯᠵᠤ ᠂ ᠣᠳᠣᠬᠢᠴᠢᠯᠠᠯᠲᠠ ᠶᠢᠨ ᠦᠷ᠎ᠡ ᠪᠦᠲᠦᠭᠡᠯ ᠤᠨ ᠲᠦᠭᠡᠮᠡᠯ ᠬᠠᠷᠠᠭᠠᠯᠵᠠᠯᠲᠤ ᠴᠢᠨᠠᠷ ᠢ ᠴᠢᠩᠭᠠᠳᠬᠠᠬᠤ ᠭᠡᠷᠡᠭᠲᠡᠶ ︔ ᠴᠢᠷᠮᠠᠶᠢᠨ ᠲᠡᠮᠡᠴᠡᠵᠦ ᠠᠮᠵᠢᠯᠲᠠ ᠪᠦᠲᠦᠭᠡᠯ ᠭᠠᠷᠭᠠᠬᠤ ᠣᠪᠣᠷ ᠪᠠᠶᠢᠳᠠᠯ ᠢᠶᠠᠨ ᠪᠠᠲᠤᠯᠠᠵᠤ ᠂ ᠣᠳᠣᠬᠢᠴᠢᠯᠠᠭᠰᠠᠨ ᠤᠳᠤᠷᠢᠳᠤᠯᠭ᠎ᠠ ᠶᠢᠨ ᠡᠷᠡᠰ ᠪᠠᠲᠤ ᠴᠢᠨᠠᠷ ᠢ ᠪᠠᠲᠤᠯᠠᠬᠤ ᠬᠡᠷᠡᠭᠲᠡᠢ ᠃

 ᠰᠢ ᠶᠢᠨ ᠫᠢᠩ ᠂ ᠣᠳᠣᠬᠢᠴᠢᠯᠠᠯᠲᠠ ᠶᠢ ᠪᠡᠶᠡᠯᠡᠭᠦᠯᠬᠦ ᠪᠣᠯ ᠣᠶᠢᠷ᠎ᠠ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠤ ᠴᠥᠬᠦᠷᠡᠰᠢ ᠦᠭᠡᠢ ᠲᠡᠮᠡᠴᠡᠬᠦ ᠬᠦᠰᠡᠯ ᠵᠡᠭᠦᠳᠦ ᠮᠥᠨ ᠃ ᠳᠤᠮᠳᠠᠳᠤ ᠤᠯᠤᠰ ᠤᠨ ᠡᠪ ᠬᠠᠮᠲᠤ ᠨᠠᠮ 100 ᠭᠠᠷᠤᠢ ᠵᠢᠯ ᠤᠨ ᠲᠤᠷᠰᠢ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠦᠨᠳᠦᠰᠦᠲᠡᠨ ᠤ ᠰᠡᠷᠭᠦᠨ ᠮᠠᠨᠳᠤᠯᠲᠠ ᠶᠢ ᠬᠥᠭᠡᠭᠡᠴᠡᠯᠳᠦᠭᠰᠡᠨ ᠲᠡᠦᠬᠡ ᠪᠣᠯ ᠮᠥᠨ ᠴᠦ ᠣᠳᠣᠬᠢᠴᠢᠯᠠᠯᠲᠠ ᠶᠢᠨ ᠵᠠᠮ ᠢ ᠲᠠᠰᠤᠷᠠᠯᠲᠠ ᠦᠭᠡᠢ ᠬᠠᠶᠢᠨ ᠰᠦᠪᠡᠭᠴᠢᠯᠡᠭᠰᠡᠨ ᠲᠡᠦᠬᠡ ᠮᠥᠨ ᠃ ᠬᠡᠳᠦᠨ ᠦᠶ᠎ᠡ ᠶᠢᠨ ᠬᠥᠮᠥᠰ ᠤᠨ ᠴᠥᠬᠦᠷᠡᠰᠢ ᠦᠭᠡᠢ ᠴᠢᠷᠮᠠᠶᠢᠯᠭ᠎ᠠ ᠪᠠᠷ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠵᠤ ᠴᠢᠳᠠᠪᠠ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠲᠤᠰ ᠤᠯᠤᠰ ᠤᠨ ᠢᠶᠠᠨ ᠤᠯᠤᠰ ᠤᠨ ᠪᠠᠶᠢᠳᠠᠯ ᠳᠤ ᠰᠠᠭᠤᠷᠢᠯᠠᠬᠤ ᠮᠥᠷᠲᠡᠭᠡᠨ ᠪᠠᠰᠠ ᠡᠯ᠎ᠡ ᠤᠯᠤᠰ ᠤᠨ ᠲᠤᠷᠰᠢᠯᠭ᠎ᠠ ᠪᠠᠷ ᠲᠣᠯᠢ ᠪᠤᠯᠭᠠᠵᠤ ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠬᠤ ᠮᠥᠷᠲᠡᠭᠡᠨ ᠪᠠᠰᠠ ᠤᠳᠤ ᠦᠶ᠎ᠡ ᠶᠢᠨ ᠪᠣᠯᠪᠠᠰᠤᠨ ᠢ ᠠᠭᠤᠰᠬᠠᠵᠤ ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠵᠢᠷᠭᠠᠯ ᠣᠯᠭᠤᠬᠤ ᠮᠥᠷᠲᠡᠭᠡᠨ ᠪᠠᠰᠠ ᠳᠡᠯᠡᠬᠡᠢ ᠶᠢᠨ ᠬᠠᠮᠲᠤ ᠶᠢᠨ ᠬᠥᠭᠵᠢᠯᠲᠡ ᠶᠢ ᠠᠬᠢᠭᠤᠯᠬᠤ ᠪᠣᠯᠣᠨ᠎ᠠ ᠂ ᠡᠨᠡ ᠪᠣᠯ ᠮᠠᠨ ᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠮᠥᠨ ᠂ ᠪᠠᠰᠠ ᠴᠤ ᠬᠥᠮᠥᠨ ᠲᠥᠷᠥᠯᠬᠢᠲᠡᠨ ᠤ ᠲᠠᠪᠰᠢᠯᠳᠠ ᠂ ᠳᠡᠯᠡᠬᠡᠢ ᠶᠢᠨ ᠶᠡᠭᠡ ᠨᠢᠭᠡᠳᠦᠯ ᠢ ᠡᠷᠢᠯᠬᠢᠯᠡᠬᠦ ᠳᠤ ᠳᠤᠮᠳᠠᠳᠤ ᠤᠯᠤᠰ ᠤᠨ ᠵᠠᠶᠢᠯᠠᠰᠢ ᠦᠭᠡᠢ ᠵᠠᠮᠨᠠᠬᠤ ᠵᠠᠮ ᠮᠥᠨ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠳᠤᠮᠳᠠᠳᠤ ᠤᠯᠤᠰ ᠤᠨ ᠡᠪ ᠬᠠᠮᠲᠤ ᠨᠠᠮ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠢ ᠠᠬᠢᠭᠤᠯᠬᠤ ᠪᠠᠷ ᠴᠢᠷᠮᠠᠶᠢᠬᠤ ᠪᠣᠯᠣᠨ᠎ᠠ ᠃ ᠪᠢᠳᠡ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠲᠠᠰᠤᠷᠠᠯᠲᠠ ᠦᠭᠡᠢ ᠥᠷᠭᠡᠳᠬᠡᠨ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠦᠷᠭᠦᠯᠵᠢᠯᠡᠨ ᠠᠭᠤᠵᠢᠭᠤ ᠪᠤᠯᠭᠠᠵᠤ ᠂ ᠨᠡᠭᠡᠭᠡᠯᠲᠡ ᠶᠢᠨ ᠡᠭᠦᠳᠡ  ᠪᠠᠨ ᠶᠠᠪᠤᠬᠤ ᠲᠤᠲᠤᠮ ᠥᠷᠭᠡᠳᠬᠡᠨ᠎ᠡ ᠃ ᠳᠤᠮᠳᠠᠳᠤ ᠤᠯᠤᠰ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲᠸᠮᠵᠢ ᠶᠢᠨ ᠪᠠᠶᠢᠭᠤᠯᠤᠯᠲᠠ ᠶᠢᠨ ᠠᠬᠢᠴᠠ ᠶᠢ ᠳᠠᠭᠠᠯᠳᠤᠨ ᠂ ᠪᠢᠳᠡ ᠳᠡᠯᠡᠬᠡᠢ ᠳ᠋ᠠᠬᠢᠨ ᠳᠤ ᠨᠡᠩ ᠤᠯᠠᠨ ᠨᠡᠩ ᠰᠠᠶᠢᠨ ᠳᠤᠮᠳᠠᠳᠤ ᠤᠯᠤᠰ ᠤᠨ ᠦᠢᠯᠡᠳᠬᠡᠯ ᠪᠠ ᠳᠤᠮᠳᠠᠳᠤ ᠤᠯᠤᠰ ᠤᠨ ᠡᠭᠦᠳᠦᠯᠲᠡ ᠶᠢ ᠬᠠᠩᠭᠠᠵᠤ ᠂ ᠳᠡᠯᠡᠬᠡᠢ ᠳ᠋ᠠᠬᠢᠨ ᠳᠤ ᠨᠡᠩ ᠶᠡᠭᠡ ᠬᠡᠪᠴᠢᠶᠡᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠪᠠ ᠳᠤᠮᠳᠠᠳᠤ ᠤᠯᠤᠰ ᠤᠨ ᠬᠡᠷᠡᠭᠴᠡᠭᠡ ᠶᠢ ᠬᠠᠩᠭᠠᠬᠤ ᠪᠣᠯᠣᠨ᠎ᠠ ᠃ ᠪᠢᠳᠡ ᠥᠷᠭᠡᠨ ᠤᠯᠠᠨ ᠬᠥᠭᠵᠢᠵᠦ ᠪᠠᠶᠢᠭ᠎ᠠ ᠤᠯᠤᠰ  ᠤᠳ  ᠢ ᠡᠷᠡᠰ ᠳᠡᠮᠵᠢᠨ ᠬᠠᠪᠰᠤᠷᠴᠤ ᠪᠠᠶᠢᠭᠠᠳ ᠬᠥᠭᠵᠢᠯᠲᠡ ᠶᠢ ᠨᠢ ᠲᠦᠷᠭᠡᠳᠬᠡᠵᠦ ᠂ ᠠᠵᠤ ᠦᠢᠯᠡᠳᠪᠦᠷᠢᠵᠢᠯᠲᠡ ᠂ ᠣᠳᠣᠬᠢᠴᠢᠯᠠᠯᠲᠠ ᠶᠢ ᠪᠡᠶᠡᠯᠡᠭᠦᠯᠵᠦ ᠂ ᠡᠮᠦᠨᠡᠲᠦ ᠤᠮᠠᠷᠠᠲᠤ ᠶᠢᠨ ᠵᠥᠷᠢᠶ᠎ᠡ ᠶᠢ ᠪᠠᠭᠠᠰᠬᠠᠬᠤ ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠬᠦ ᠳᠤ ᠳᠤᠮᠳᠠᠳᠤ ᠤᠯᠤᠰ ᠤᠨ ᠲᠥᠰᠥᠯ ᠪᠠ ᠳᠤᠮᠳᠠᠳᠤ ᠤᠯᠤᠰ ᠤᠨ ᠬᠦᠴᠦᠨ ᠢ ᠬᠠᠩᠭᠠᠬᠤ ᠪᠣᠯᠣᠨ᠎ᠠ ᠃ ᠪᠢᠳᠡ ᠳᠤᠷᠠᠲᠠᠶ᠎ᠠ ᠡᠯ᠎ᠡ ᠤᠯᠤᠰ ᠤᠨ ᠲᠥᠷᠥ ᠶᠢᠨ ᠨᠠᠮ ᠲᠠᠢ ᠬᠠᠮᠲᠤ ᠪᠠᠷ 《ᠨᠢᠭᠡ ᠪᠦᠰᠡ ᠨᠢᠭᠡ ᠵᠠᠮ》 ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠵᠦ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠢᠨ᠎ᠡ ᠬᠥᠳᠡᠯᠭᠡᠭᠦ ᠴᠢᠳᠠᠪᠤᠷᠢ  ᠶᠢ ᠪᠣᠶᠢᠵᠢᠭᠤᠯᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠳᠤᠮᠳᠠᠳᠤ ᠤᠯᠤᠰ ᠤᠨ ᠡᠪ ᠬᠠᠮᠲᠤ ᠨᠠᠮ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠪᠠᠷ ᠴᠢᠷᠮᠠᠶᠢᠵᠤ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠠᠬᠢᠭᠤᠯᠤᠨ᠎ᠠ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠺᠣᠯᠣᠨᠢᠴᠢᠯᠠᠯ ᠳᠡᠭᠡᠷᠡᠮᠳᠡᠯ ᠤᠨ ᠬᠠᠭᠤᠴᠢᠨ ᠵᠠᠮ ᠢᠶᠠᠷ ᠶᠠᠪᠤᠬᠤ ᠪᠢᠰᠢ ᠂ ᠤᠯᠤᠰ ᠬᠦᠴᠦᠷᠬᠡᠭᠵᠢᠪᠡᠯ ᠯᠠᠪᠲᠠᠢ ᠡᠵᠡᠷᠬᠡᠬᠦ ᠭᠠᠵᠢᠭᠤ ᠵᠠᠮ ᠢᠶᠠᠷ ᠶᠠᠪᠤᠬᠤ ᠭᠡᠰᠡᠨ ᠪᠢᠰᠢ ᠂ ᠬᠠᠷᠢᠨ ᠡᠩᠬᠡ ᠲᠠᠶᠢᠪᠤᠩ ᠢᠶᠠᠷ ᠭᠦᠭᠵᠢᠭᠦ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠶᠠᠪᠤᠬᠤ ᠪᠣᠯᠣᠨ᠎ᠠ ᠃ ᠪᠢᠳᠠ ᠶᠠᠷᠢᠯᠴᠠᠭ᠎ᠠ ᠪᠠᠷ ᠵᠥᠷᠢᠯᠳᠦᠭᠡᠨ ᠢ ᠰᠢᠢᠳᠪᠦᠷᠢᠯᠡᠵᠦ ᠂ ᠬᠠᠮᠲᠤᠷᠠᠯᠴᠠᠭ᠎ᠠ ᠪᠠᠷ  ᠢ ᠰᠢᠢᠳᠪᠦᠷᠢᠯᠡᠨ᠎ᠡ ᠂ ᠠᠯᠢᠪᠠ ᠭᠡᠯᠪᠡᠷᠢ ᠶᠢᠨ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠷᠡᠰ ᠡᠰᠡᠷᠭᠦᠴᠡᠵᠦ ᠂ ᠪᠦᠯᠬᠦᠮᠳᠡᠯ ᠤᠨ ᠵᠣᠷᠢᠭ ᠰᠠᠨᠠᠭ᠎ᠠ ᠪᠣᠯᠣᠨ ᠬᠠᠮᠲᠤ ᠪᠠᠷ ᠠᠰᠢᠭ ᠭᠦᠷᠳᠡᠭᠦ ᠰᠡᠳᠬᠢᠬᠦᠢ ᠪᠠᠷ ᠨᠠᠷᠢᠨ ᠪᠤᠳᠤᠯᠢᠶᠠᠨᠲᠠᠢ ᠰᠣᠯᠪᠢᠴᠠᠭᠰᠠᠨ ᠠᠮᠤᠷ ᠲᠦᠪᠰᠢᠨ ᠤ ᠥᠷᠢᠰᠦᠯᠳᠦᠭᠡᠨ ᠢ ᠠᠷᠭᠠᠴᠠᠵᠤ ᠂ ᠲᠥᠪ ᠭᠤᠣᠯᠴᠢ ᠰᠢᠳᠤᠷᠭᠤ ᠶᠣᠰᠣ ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠭᠦ ᠠᠮᠤᠷ ᠲᠦᠪᠰᠢᠨ ᠤ ᠪᠠᠶᠢᠷᠢᠰᠢᠯ ᠢ ᠪᠤᠢ ᠪᠤᠯᠭᠠᠬᠤ ᠶᠢ ᠰᠠᠨᠠᠭᠠᠴᠢᠯᠠᠨ᠎ᠠ ᠃ ᠳᠡᠯᠡᠬᠡᠢ ᠶᠢᠷᠲᠢᠨᠴᠦ 《ᠰᠢᠨ᠎ᠡ ᠬᠦᠢᠲᠡᠨ ᠲᠠᠶᠢᠨ 》  ᠢ ᠬᠡᠷᠡᠭᠰᠡᠬᠦ ᠦᠭᠡᠢ ᠂ ᠠᠷᠠᠳᠴᠢᠯᠠᠯ ᠤᠨ ᠲᠤᠭ ᠢ ᠡᠷᠭᠦᠵᠦ ᠬᠠᠭᠠᠴᠠᠭᠤᠯᠬᠤ ᠡᠰᠡᠷᠭᠦᠴᠡᠯᠳᠦᠯ ᠢ ᠥᠳᠥᠭᠡᠭᠦ ᠨᠢ ᠲᠡᠷᠡ ᠴᠢᠭ ᠢᠶᠠᠷ ᠢᠶᠠᠨ ᠠᠷᠠᠳᠴᠢᠯᠠᠯ ᠤᠨ ᠵᠣᠷᠢᠭ ᠰᠠᠨᠠᠭ᠎ᠠ ᠶᠢ ᠲᠠᠯᠬᠢᠳᠠᠵᠤ ᠪᠠᠶᠢᠭ᠎ᠠ ᠶᠠᠪᠤᠳᠠᠯ ᠮᠥᠨ ᠂ ᠬᠥᠮᠥᠨ ᠤ ᠰᠡᠳᠬᠢᠯ ᠢ ᠣᠯᠬᠤ ᠦᠭᠡᠢ ᠬᠤᠣᠷ ᠬᠥᠨᠥᠭᠡᠯ ᠨᠢ ᠬᠢᠵᠠᠭᠠᠷ ᠦᠭᠡᠢ ᠶᠤᠮ ᠃ ᠳᠤᠮᠳᠠᠳᠤ ᠤᠯᠤᠰ ᠣᠳᠣᠬᠢᠴᠢᠯᠠᠯᠲᠠ ᠶᠢ ᠪᠡᠶᠡᠯᠡᠭᠦᠯᠬᠦ ᠨᠢ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ ᠨᠡᠮᠡᠭᠳᠡᠯ ᠮᠥᠨ ᠂ ᠤᠯᠠᠨ ᠤᠯᠤᠰ ᠤᠨ ᠰᠢᠳᠤᠷᠭᠤ ᠶᠣᠰᠣᠨ ᠤ ᠬᠦᠴᠦᠨ ᠤ ᠪᠤᠵᠠᠭᠠᠶᠢᠷᠠᠯ ᠮᠥᠨ ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠨ ᠴᠦ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ ᠦᠭᠡᠢ ᠂ ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠳᠤᠮᠳᠠᠳᠤ ᠤᠯᠤᠰ ᠤᠨ ᠡᠪ ᠬᠠᠮᠲᠤ ᠨᠠᠮ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠬᠤ ᠪᠠᠷ ᠴᠢᠷᠮᠠᠶᠢᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠤᠨ᠎ᠠ ᠃ ᠣᠳᠣᠬᠠᠨ ᠤ ᠳᠡᠯᠡᠬᠡᠢ ᠶᠢᠨ ᠠᠳᠠᠯᠢ ᠪᠤᠰᠤ ᠤᠯᠤᠰ ᠂ ᠠᠳᠠᠯᠢ ᠪᠤᠰᠤ ᠭᠠᠵᠠᠷ ᠣᠷᠣᠨ ᠤ ᠲᠤᠰ ᠲᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠵᠠᠮ ᠨᠢ ᠡᠯᠪᠡᠭ ᠪᠠᠶᠠᠯᠢᠭ ᠤᠯᠠᠨ ᠶᠠᠩᠵᠤ ᠶᠢᠨ ᠂ ᠥᠨᠢ ᠤᠳᠠᠭᠠᠨ ᠤᠯᠠᠮᠵᠢᠯᠠᠯ ᠲᠠᠢ ᠪᠣᠯᠪᠠᠰᠤᠨ ᠤ ᠤᠯᠠᠮᠵᠢᠯᠠᠯ ᠳᠤ ᠦᠨᠳᠦᠰᠦᠯᠡᠭᠰᠡᠨ ᠶᠤᠮ ᠃ ᠬᠥᠮᠥᠨ ᠲᠥᠷᠥᠯᠬᠢᠲᠡᠨ ᠤ ᠨᠡᠶᠢᠭᠡᠮ ᠤᠨ ᠡᠭᠦᠳᠦᠨ ᠪᠦᠲᠦᠭᠡᠭᠰᠡᠨ ᠡᠯ᠎ᠡ ᠵᠦᠢᠯ ᠤᠨ ᠪᠣᠯᠪᠠᠰᠤᠨ ᠨᠢ ᠴᠥᠮ ᠭᠡᠷᠡᠯ ᠰᠠᠴᠤᠷᠠᠩᠭᠤᠢ ᠭᠡᠷᠡᠯ ᠭᠢᠯᠪᠠᠭ᠎ᠠ ᠰᠠᠴᠤᠷᠠᠭᠤᠯᠵᠤ ᠂ ᠡᠯ᠎ᠡ ᠤᠯᠤᠰ ᠤᠨ ᠣᠳᠣᠬᠢᠴᠢᠯᠠᠯᠲᠠ ᠳᠤ ᠭᠦᠨ ᠵᠤᠵᠠᠭᠠᠨ ᠠᠭᠤᠯᠤᠭᠳᠠᠬᠤᠨ ᠢ ᠬᠤᠷᠠᠮᠳᠤᠭᠤᠯᠵᠤ ᠂ ᠢᠯᠡ ᠲᠣᠳᠣ ᠣᠨᠴᠠᠯᠢᠭ ᠰᠢᠨᠵᠢ ᠶᠢ ᠣᠯᠭᠤᠭᠰᠠᠨ ᠪᠥᠭᠡᠳ ᠴᠠᠭ ᠣᠷᠣᠨ ᠵᠠᠢ ᠶᠢ ᠠᠯᠭᠠᠰᠠᠨ ᠂ ᠤᠯᠤᠰ ᠤᠨ ᠬᠢᠯᠢ ᠬᠢᠵᠠᠭᠠᠷ ᠢ ᠳᠠᠪᠠᠵᠤ ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠳᠤ ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠬᠥᠮᠥᠨ ᠲᠥᠷᠥᠯᠬᠢᠲᠡᠨ ᠤ ᠪᠣᠯᠪᠠᠰᠤᠨ ᠤ ᠰᠢᠨ᠎ᠡ ᠭᠡᠯᠪᠡᠷᠢ ᠪᠣᠯᠤᠭᠰᠠᠨ ᠤ ᠬᠤᠪᠢ ᠳᠤ ᠂ ᠪᠦᠭᠦ ᠪᠥᠮᠪᠥᠷᠴᠡᠭ ᠤᠨ ᠪᠤᠰᠤᠳ ᠪᠣᠯᠪᠠᠰᠤᠨ ᠲᠠᠢ ᠬᠠᠷᠢᠯᠴᠠᠨ ᠲᠣᠯᠢᠳᠠᠪᠠᠯ ᠂ ᠯᠠᠪᠲᠠᠢ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠲᠤᠶᠢᠯ ᠢᠶᠠᠷ ᠪᠠᠶᠠᠯᠢᠭᠵᠢᠭᠤᠯᠬᠤ ᠶᠤᠮ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠡᠯ᠎ᠡ ᠤᠯᠤᠰ ᠤᠨ ᠢᠷᠡᠭᠡᠳᠦᠢ ᠬᠤᠪᠢ ᠵᠠᠶᠠᠭ᠎ᠠ ᠨᠢᠭᠲᠠ ᠬᠤᠯᠪᠣᠯᠳᠤᠵᠤ ᠪᠠᠶᠢᠭ᠎ᠠ ᠥᠨᠥᠳᠥᠷ ᠂ ᠠᠳᠠᠯᠢ ᠪᠤᠰᠤ ᠪᠣᠯᠪᠠᠰᠤᠨ ᠪᠠᠭᠲᠠᠭᠠᠮᠵᠢᠲᠠᠢ ᠪᠠᠷ ᠬᠠᠮᠲᠤ ᠣᠷᠣᠰᠢᠵᠤ ᠂ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠳᠠᠵᠤ ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠂ ᠳᠡᠯᠡᠬᠡᠢ ᠶᠢᠨ ᠪᠣᠯᠪᠠᠰᠤᠨ ᠤ ᠥᠨᠢᠷ ᠴᠡᠴᠡᠭ ᠤᠨ ᠬᠦᠷᠢᠶᠡᠯᠡᠩ ᠢ ᠴᠡᠴᠡᠭᠯᠡᠭᠦᠯᠦᠨ ᠬᠥᠭᠵᠢᠭᠦᠯᠬᠦ ᠳᠤ ᠣᠷᠣᠯᠠᠭᠤᠯᠵᠤ ᠪᠣᠯᠣᠰᠢ ᠦᠭᠡᠢ ᠦᠢᠯᠡᠳᠦᠯ ᠲᠠᠢ ᠶᠤᠮ ᠭᠡᠵᠦ ᠵᠢᠭᠠᠵᠤ ᠭᠠᠷᠭᠠᠪᠠ ᠃ ᠡᠭᠦᠨ ᠤ ᠲᠤᠯᠠᠳᠠ ᠂ ᠰᠢ ᠶᠢᠨ ᠫᠢᠩ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠪᠠ ᠃

— ᠪᠢᠳᠡ ᠳᠡᠯᠡᠬᠡᠢ ᠶᠢᠨ ᠪᠣᠯᠪᠠᠰᠤᠨ ᠤ ᠤᠯᠠᠨ ᠶᠠᠩᠵᠤᠲᠤ ᠴᠢᠨᠠᠷ ᠢ ᠬᠦᠨᠳᠦᠳᠬᠡᠬᠦ ᠶᠢ ᠬᠠᠮᠲᠤ ᠪᠠᠷ ᠰᠠᠨᠠᠭᠠᠴᠢᠯᠠᠵᠤ ᠂ ᠪᠣᠯᠪᠠᠰᠤᠨ ᠡᠷᠬᠡ ᠲᠡᠭᠰᠢ ᠂ ᠬᠠᠷᠢᠯᠴᠠᠨ ᠲᠣᠯᠢᠳᠠᠬᠤ ᠂ ᠶᠠᠷᠢᠯᠴᠠᠭ᠎ᠠ ᠬᠢᠬᠦ ᠂ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ ᠂ ᠪᠣᠯᠪᠠᠰᠤᠨ ᠤ ᠰᠣᠯᠢᠯᠴᠠᠭ᠎ᠠ ᠪᠠᠷ ᠪᠣᠯᠪᠠᠰᠤᠨ ᠤ ᠵᠠᠪᠰᠠᠷᠳᠠᠯ ᠢ ᠳᠠᠪᠠᠵᠤ ᠂ ᠪᠣᠯᠪᠠᠰᠤᠨ ᠢᠶᠠᠨ ᠬᠠᠷᠢᠯᠴᠠᠨ ᠲᠣᠯᠢᠯᠠᠬᠤ ᠪᠠᠷ ᠪᠣᠯᠪᠠᠰᠤᠨ ᠤ ᠮᠥᠷᠭᠦᠯᠳᠦᠭᠡᠨ ᠢ ᠳᠠᠪᠠᠵᠤ ᠂ ᠪᠣᠯᠪᠠᠰᠤᠨ ᠤ ᠪᠠᠭᠲᠠᠭᠠᠮᠵᠢ ᠪᠠᠷ ᠪᠣᠯᠪᠠᠰᠤᠨ ᠤ ᠳᠠᠪᠠᠭᠤᠯᠢᠭ ᠢ ᠳᠠᠪᠠᠬᠤ ᠬᠡᠷᠡᠭᠲᠡᠢ ᠃

— ᠪᠢᠳᠡ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠬᠤ ᠶᠢ ᠬᠠᠮᠲᠤ ᠪᠠᠷ ᠰᠠᠨᠠᠭᠠᠴᠢᠯᠠᠵᠤ ᠂ ᠡᠩᠬᠡ ᠲᠠᠶᠢᠪᠤᠩ ᠂ ᠬᠥᠭᠵᠢᠯᠲᠡ ᠂ ᠲᠥᠪ ᠭᠤᠣᠯᠴᠢ ᠂ ᠰᠢᠳᠤᠷᠭᠤ ᠶᠣᠰᠣ ᠂ ᠠᠷᠠᠳᠴᠢᠯᠠᠯ ᠂ ᠡᠷᠬᠡ ᠴᠢᠯᠦᠭᠡ ᠪᠣᠯ ᠡᠯ᠎ᠡ ᠤᠯᠤᠰ ᠤᠨ ᠠᠷᠠᠳ ᠲᠦᠮᠡᠨ ᠤ ᠬᠠᠮᠲᠤ ᠶᠢᠨ ᠬᠥᠭᠡᠭᠡᠴᠡᠯᠳᠦᠯ ᠮᠥᠨ ᠂ ᠠᠭᠤᠳᠠᠮᠴᠢ ᠬᠡᠬᠦᠳᠡᠭ ᠴᠡᠭᠡᠵᠢ ᠪᠠᠷ ᠠᠳᠠᠯᠢ ᠪᠤᠰᠤ ᠪᠣᠯᠪᠠᠰᠤᠨ ᠤ ᠦᠷᠳᠡᠭ ᠤᠨ ᠠᠭᠤᠯᠤᠭᠳᠠᠬᠤᠨ ᠤ ᠲᠤᠬᠠᠢ ᠲᠠᠨᠢᠯᠲᠠ ᠶᠢ ᠣᠶᠢᠯᠠᠭᠠᠵᠤ ᠂ ᠥᠪᠡᠷ ᠤᠨ ᠦᠷᠳᠡᠭ ᠤᠨ ᠦᠵᠡᠯᠲᠡ ᠪᠠ ᠵᠠᠭᠪᠤᠷ ᠢᠶᠠᠨ ᠪᠤᠰᠤᠳ ᠲᠤ ᠠᠯᠪᠠ ᠪᠠᠷ ᠲᠤᠬᠤᠵᠤ ᠪᠤᠯᠬᠤ ᠦᠭᠡᠢ ᠂ ᠦᠵᠡᠯ ᠤᠬᠠᠮᠰᠠᠷ ᠤᠨ ᠭᠡᠯᠪᠡᠷᠢ ᠶᠢᠨ ᠡᠰᠡᠷᠭᠦᠴᠡᠯᠳᠦᠯ ᠭᠠᠷᠭᠠᠵᠤ ᠪᠤᠯᠬᠤ ᠦᠭᠡᠢ ᠃

— ᠪᠢᠳᠡ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠭᠦ ᠶᠢ ᠴᠢᠬᠤᠯᠠᠴᠢᠯᠠᠬᠤ ᠶᠢ ᠬᠠᠮᠲᠤ ᠪᠠᠷ ᠰᠠᠨᠠᠭᠠᠴᠢᠯᠠᠵᠤ ᠂ ᠡᠯ᠎ᠡ ᠤᠯᠤᠰ ᠤᠨ ᠲᠡᠦᠬᠡ ᠰᠣᠶᠣᠯ ᠤᠨ ᠴᠠᠭ ᠦᠶ᠎ᠡ ᠶᠢᠨ ᠦᠨ᠎ᠡ ᠦᠷᠳᠡᠭ ᠢ ᠭᠦᠢᠴᠡᠳ ᠠᠭᠤᠳᠠᠯᠵᠤ ᠂ ᠡᠯ᠎ᠡ ᠤᠯᠤᠰ ᠤᠨ ᠰᠢᠯᠢᠳᠡᠭ ᠤᠯᠠᠮᠵᠢᠯᠠᠯᠲᠤ ᠰᠣᠶᠣᠯ ᠤᠨ ᠣᠳᠣᠬᠢᠴᠢᠯᠠᠯᠲᠠ ᠶᠢᠨ ᠠᠬᠢᠴᠠ ᠳᠤ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ ᠂ ᠰᠢᠨ᠎ᠡ ᠶᠢ ᠡᠭᠦᠳᠭᠦ ᠴᠢᠨᠠᠷᠲᠠᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠃

— ᠪᠢᠳᠡ ᠤᠯᠠᠨ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ  ᠶᠢ ᠬᠠᠮᠲᠤ ᠪᠠᠷ ᠰᠠᠨᠠᠭᠠᠴᠢᠯᠠᠵᠤ ᠂ ᠪᠦᠭᠦ ᠪᠥᠮᠪᠥᠷᠴᠡᠭ ᠤᠨ ᠪᠣᠯᠪᠠᠰᠤᠨ ᠤ ᠶᠠᠷᠢᠯᠴᠠᠭ᠎ᠠ ᠬᠠᠮᠲᠤᠷᠠᠯᠴᠠᠭᠠᠨ ᠤ ᠲᠣᠣᠷ ᠢ ᠰᠦᠪᠡᠭᠴᠢᠯᠡᠨ ᠪᠠᠶᠢᠭᠤᠯᠵᠤ ᠂ ᠰᠣᠯᠢᠯᠴᠠᠭᠠᠨ ᠤ ᠠᠭᠤᠯᠭ᠎ᠠ ᠶᠢ ᠪᠠᠶᠠᠯᠢᠭᠵᠢᠭᠤᠯᠵᠤ ᠂ ᠬᠠᠮᠲᠤᠷᠠᠯᠴᠠᠭᠠᠨ  ᠤ ᠠᠷᠭ᠎ᠠ ᠵᠠᠮ ᠢ ᠥᠷᠭᠡᠳᠬᠡᠵᠦ ᠂ ᠡᠯ᠎ᠡ ᠤᠯᠤᠰ ᠤᠨ ᠠᠷᠠᠳ ᠲᠦᠮᠡᠨ ᠤ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠠᠶᠢᠬᠤ ᠶᠢ ᠠᠬᠢᠭᠤᠯᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠬᠥᠭᠵᠢᠯᠲᠡ ᠲᠠᠪᠰᠢᠯᠳᠠ ᠶᠢ ᠬᠠᠮᠲᠤ ᠪᠠᠷ ᠠᠬᠢᠭᠤᠯᠬᠤ ᠬᠡᠷᠡᠭᠲᠡᠢ ᠃

ᠰᠢ ᠶᠢᠨ ᠫᠢᠩ ᠂ ᠳᠤᠮᠳᠠᠳᠤ ᠤᠯᠤᠰ ᠤᠨ ᠡᠪ ᠬᠠᠮᠲᠤ ᠨᠠᠮ ᠲᠦᠷᠦ ᠶᠢᠨ ᠨᠠᠮ  ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠪᠠᠷ ᠴᠢᠷᠮᠠᠶᠢᠵᠤ ᠂ ᠭᠠᠷ ᠬᠤᠯᠪᠣᠨ ᠳᠡᠯᠡᠬᠡᠢ ᠳ᠋ᠠᠬᠢᠨ ᠤ ᠰᠠᠷᠠᠭᠤᠯ ᠳᠠᠷᠳᠠᠩ ᠵᠠᠮ ᠢᠶᠠᠷ ᠬᠠᠮᠲᠤ ᠪᠠᠷ ᠵᠠᠮᠨᠠᠨ᠎ᠠ ᠃ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠶᠠᠪᠤᠯᠴᠠᠭ᠎ᠠ ᠪᠠᠨ ᠭᠦᠨᠵᠡᠭᠡᠶᠢᠷᠡᠭᠦᠯᠵᠦ ᠂ ᠣᠶᠢᠯᠠᠭᠠᠭᠳᠠᠬᠤᠨ ᠤ ᠲᠠᠭᠠᠷᠠᠯᠴᠠᠬᠤ ᠴᠡᠭ ᠂ ᠠᠰᠢᠭ ᠲᠤᠰᠠ ᠶᠢᠨ ᠬᠤᠷᠠᠬᠤ ᠴᠡᠭ ᠢ ᠲᠠᠰᠤᠷᠠᠯᠳᠠ ᠦᠭᠡᠢ ᠥᠷᠭᠡᠳᠬᠡᠵᠦ ᠂ ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠬᠠᠷᠢᠯᠴᠠᠭ᠎ᠠ ᠶᠢ ᠪᠠᠶᠢᠭᠤᠯᠬᠤ ᠶᠠᠪᠤᠳᠠᠯ ᠢᠶᠠᠷ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠳᠤ ᠬᠦᠴᠦ ᠨᠡᠮᠡᠷᠢᠯᠡᠵᠦ ᠂ ᠪᠦᠭᠦ ᠪᠥᠮᠪᠥᠷᠴᠡᠭ ᠤᠨ ᠲᠦᠷᠦ ᠶᠢᠨ ᠨᠠᠮ ᠤᠨ ᠬᠠᠨᠢᠲᠠᠨ ᠤ ᠬᠠᠷᠢᠯᠴᠠᠭ᠎ᠠ ᠶᠢ ᠪᠠᠬᠢᠵᠢᠭᠦᠯᠦᠨ ᠲᠡᠭᠦᠯᠳᠡᠷᠵᠢᠭᠦᠯᠬᠦ ᠶᠠᠪᠤᠳᠠᠯ ᠢᠶᠠᠷ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠬᠦ ᠳᠤ ᠬᠦᠴᠦ ᠨᠡᠮᠡᠷᠢᠯᠡᠨ᠎ᠡ ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠦᠷᠭᠦᠯᠵᠢᠯᠡᠨ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠯᠤᠭ᠎ᠠ ᠬᠠᠮᠲᠤ ᠪᠠᠷ ᠨᠠᠮ ᠢ ᠵᠠᠰᠠᠭᠰᠠᠨ ᠲᠦᠷᠦ ᠶᠢ ᠵᠠᠰᠠᠭᠰᠠᠨ ᠲᠤᠷᠰᠢᠯᠭ᠎ᠠ ᠶᠢᠨ ᠰᠣᠯᠢᠯᠴᠠᠭ᠎ᠠ ᠥᠷᠨᠢᠭᠦᠯᠵᠦ ᠂ ᠭᠠᠷ ᠬᠤᠯᠪᠣᠨ ᠣᠳᠣᠬᠢᠴᠢᠯᠠᠯᠲᠠ ᠶᠢᠨ ᠵᠠᠮ ᠢᠶᠠᠷ ᠬᠠᠮᠲᠤ ᠪᠠᠷ ᠵᠠᠮᠨᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠡᠭᠡ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠨ᠎ᠠ ᠭᠡᠵᠦ ᠴᠢᠬᠤᠯᠠᠴᠢᠯᠠᠪᠠ ᠃

ᠰᠢ ᠶᠢᠨ ᠫᠢᠩ ᠬᠠᠮᠤᠭ ᠰᠡᠭᠦᠯ ᠳᠤ ᠂ ᠬᠥᠮᠥᠨ ᠲᠥᠷᠥᠯᠬᠢᠲᠡᠨ ᠤ ᠨᠡᠶᠢᠭᠡᠮ ᠤᠨ ᠣᠳᠣᠬᠢᠴᠢᠯᠠᠯᠲᠠ ᠶᠢᠨ ᠠᠶᠠᠨ ᠨᠤᠭᠤᠷᠠᠯ ᠪᠦᠳᠦᠷᠢᠯ ᠳᠤ ᠤᠴᠠᠷᠠᠬᠤ ᠨᠢ ᠵᠠᠶᠢᠯᠠᠰᠢ ᠦᠭᠡᠢ ᠂ ᠭᠡᠪᠡᠴᠦ ᠢᠷᠡᠭᠡᠳᠦᠢ ᠪᠣᠯ ᠭᠡᠭᠡᠨ ᠰᠠᠷᠠᠭᠤᠯ ᠶᠤᠮ ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠲᠠᠯ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ ᠂ ᠲᠤᠰ ᠲᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠦᠢᠯᠡᠰ ᠢ ᠳᠡᠯᠡᠬᠡᠢ ᠶᠢᠨ ᠬᠥᠭᠵᠢᠯ ᠴᠡᠴᠡᠭᠯᠡᠯ ᠲᠠᠪᠰᠢᠯᠳᠠ ᠶᠢ ᠠᠬᠢᠭᠤᠯᠬᠤ ᠴᠠᠭ ᠦᠶ᠎ᠡ ᠶᠢᠨ ᠶᠡᠭᠡ ᠤᠷᠤᠰᠬᠠᠯ ᠪᠣᠯᠭᠠᠨ ᠨᠢᠭᠲᠠᠷᠠᠭᠤᠯᠵᠤ ᠂ ᠲᠡᠦᠬᠡ ᠶᠢᠨ ᠤᠷᠳᠤ ᠠᠶᠠᠨ ᠳᠤ ᠡᠷᠡᠮᠡᠬᠡᠶᠢᠯᠡᠨ ᠤᠷᠤᠭᠰᠢᠯᠠᠵᠤ ᠂ ᠥᠨᠢᠳᠡ ᠦᠷᠭᠦᠯᠵᠢᠯᠡᠨ ᠬᠥᠭᠵᠢᠭᠦᠯᠦᠨ᠎ᠡ ︕ ᠭᠡᠵᠦ ᠵᠢᠭᠠᠵᠤ ᠭᠠᠷᠭᠠᠪᠠ ᠃

ᠡᠮᠦᠨᠡᠲᠦ ᠠᠹᠷᠢᠺᠠ ᠶᠢᠨ ᠠᠹᠷᠢᠺᠠᠴᠤᠳ ᠤᠨ ᠢᠷᠭᠡᠨ ᠤ ᠶᠡᠭᠡ ᠬᠤᠷᠠᠯ ᠤᠨ ᠲᠡᠷᠢᠭᠦᠯᠡᠭᠴᠢ ᠂ ᠶᠡᠷᠦᠩᠬᠡᠶᠢᠯᠡᠭᠴᠢ ᠯᠠᠮᠠᠹᠦ᠋ᠰᠠ ᠂ ᠡᠮᠦᠨᠡᠲᠦ ᠰᠦᠳᠠᠨ ᠤ ᠰᠦᠳᠠᠨ ᠤ ᠠᠷᠠᠳ ᠤᠨ ᠴᠢᠯᠦᠭᠡᠯᠡᠯᠲᠡ ᠶᠢᠨ ᠬᠥᠳᠡᠯᠭᠡᠭᠡᠨ ᠤ ᠲᠡᠷᠢᠭᠦᠯᠡᠭᠴᠢ ᠂ ᠶᠡᠷᠦᠩᠬᠡᠶᠢᠯᠡᠭᠴᠢ ᠺᠢᠷ ᠂ ᠨᠢᠺᠠᠷᠠᠭᠤᠸᠠ ᠰᠠᠩᠳᠢᠨᠤ᠋ ᠶᠢᠨ ᠦᠨᠳᠦᠰᠦᠲᠡᠨ ᠤ ᠴᠢᠯᠦᠭᠡᠯᠡᠯᠲᠡ ᠶᠢᠨ ᠹᠷᠣᠨᠲ ᠤᠨ ᠶᠡᠷᠦᠩᠬᠡᠢ ᠱᠦᠵᠢ ᠂ ᠶᠡᠷᠦᠩᠬᠡᠶᠢᠯᠡᠭᠴᠢ ᠤᠷᠲ᠋ᠤᠭ᠎ᠠ ᠂ ᠸᠧᠨᠧᠽᠦᠧᠯᠠ ᠶᠢᠨ ᠨᠢᠭᠡᠳᠦᠭᠰᠡᠨ ᠨᠡᠶᠢᠭᠡᠮ ᠵᠢᠷᠤᠮᠲᠤ ᠨᠠᠮ ᠤᠨ ᠲᠡᠷᠢᠭᠦᠯᠡᠭᠴᠢ ᠂ ᠶᠡᠷᠦᠩᠬᠡᠶᠢᠯᠡᠭᠴᠢ ᠮᠠᠳᠦ᠋ᠯᠦ᠋ᠸᠧ ᠂ ᠰᠧᠷᠪᠢᠶ᠎ᠠ ᠶᠢᠨ ᠤᠷᠤᠭᠰᠢᠯᠠᠯᠲᠠ ᠨᠠᠮ ᠤᠨ ᠲᠡᠷᠢᠭᠦᠯᠡᠭᠴᠢ ᠂ ᠶᠡᠷᠦᠩᠬᠡᠶᠢᠯᠡᠭᠴᠢ ᠥᠴᠢᠴᠢ ᠂ ᠮᠣᠩᠭᠤᠯ ᠠᠷᠠᠳ ᠤᠨ ᠨᠠᠮ ᠤᠨ ᠲᠡᠷᠢᠭᠦᠯᠡᠭᠴᠢ ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠣᠶᠤᠨ᠋ᠡᠷᠳᠡᠨᠢ ᠂ ᠵᠡᠭᠦᠨ ᠲᠢᠮᠦᠷ ᠤᠨ ᠠᠷᠠᠳ ᠤᠨ ᠴᠢᠯᠦᠭᠡᠯᠡᠬᠦ ᠨᠠᠮ ᠤᠨ ᠲᠡᠷᠢᠭᠦᠯᠡᠭᠴᠢ ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠷᠦᠸᠠᠺ ᠂ ᠫᠠᠫᠦ᠋ᠶᠠ ᠰᠢᠨ᠎ᠡ ᠭᠢᠨᠧᠶᠠ ᠶᠢᠨ ᠫᠠᠨᠭᠦ᠋ ᠨᠠᠮ ᠤᠨ ᠤᠳᠤᠷᠢᠳᠤᠭᠴᠢ ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠮᠠᠯᠠᠫᠸᠢ ᠂ ᠭᠷᠧᠨᠠᠳᠠ ᠶᠢᠨ ᠦᠨᠳᠦᠰᠦᠲᠡᠨ ᠤ ᠠᠷᠠᠳᠴᠢᠯᠠᠭᠰᠠᠨ ᠶᠡᠭᠡ ᠬᠤᠷᠠᠯ ᠤᠨ ᠨᠠᠮ ᠤᠨ ᠤᠳᠤᠷᠢᠳᠤᠭᠴᠢ ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠮᠢᠴᠢᠶᠧᠷ ᠂ ᠣᠷᠣᠰ ᠤᠨ ᠨᠢᠭᠡᠳᠦᠭᠰᠡᠨ ᠣᠷᠣᠰ ᠨᠠᠮ ᠤᠨ ᠳᠡᠭᠡᠳᠦ ᠵᠥᠪᠯᠡᠯ ᠤᠨ ᠲᠡᠷᠢᠭᠦᠯᠡᠭᠴᠢ ᠭᠧᠯᠸᠶᠢᠽᠯᠦ᠋ᠸᠧᠹ ᠂ ᠺᠠᠽᠠᠬᠰᠲ᠋ᠠᠨ ᠤ 《ᠠᠮᠠᠨᠠᠲ 》 ᠨᠠᠮ ᠤᠨ ᠲᠡᠷᠢᠭᠦᠯᠡᠭᠴᠢ ᠺᠤᠱᠠᠨᠤᠹ ᠂ ᠲᠤᠭᠤ᠋  ᠶᠢᠨ ᠪᠦᠭᠦᠳᠠ ᠨᠠᠶᠢᠷᠠᠮᠳᠠᠬᠤ ᠶᠢ ᠬᠠᠮᠠᠭᠠᠯᠠᠬᠤ ᠬᠤᠯᠪᠤᠭ᠎ᠠ ᠶᠢᠨ ᠶᠡᠷᠦᠩᠬᠡᠢ ᠡᠳ᠋ ᠤᠨ ᠵᠠᠰᠠᠭ ᠤᠨ ᠳᠠᠷᠤᠭ᠎ᠠ ᠂ ᠢᠷᠭᠡᠨ ᠤ ᠵᠥᠪᠯᠡᠯᠭᠡᠨ ᠤ ᠬᠤᠷᠠᠯ ᠤᠨ ᠳᠠᠷᠤᠭ᠎ᠠ ᠼᠠᠶᠢᠭᠠᠩ ᠨᠠᠷ ᠶᠠᠷᠢᠯᠴᠠᠬᠤ ᠬᠤᠷᠠᠯ ᠳᠡᠭᠡᠷ᠎ᠡ ᠪᠠᠶᠠᠷ ᠤᠨ ᠦᠭᠡ ᠬᠡᠯᠡᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠂ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠪᠠᠷ ᠳᠠᠬᠢᠨᠲᠠ ᠰᠣᠩᠭᠤᠭᠳᠠᠭᠰᠠᠨ ᠳᠤ ᠬᠠᠯᠠᠭᠤᠨ ᠪᠠᠶᠠᠷ ᠬᠦᠷᠭᠡᠵᠦ ᠂ ᠰᠢᠨ᠎ᠡ ᠴᠠᠭ ᠦᠶ᠎ᠡ ᠶᠢᠨ ᠠᠷᠪᠠᠨ ᠵᠢᠯ ᠤᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠂ ᠲᠡᠦᠬᠡᠲᠦ ᠴᠢᠨᠠᠷᠲᠠᠢ ᠬᠤᠪᠢᠰᠤᠯᠲᠠ ᠶᠢ ᠬᠠᠯᠠᠭᠤᠨ ᠢᠶᠠᠷ ᠮᠠᠭᠲᠠᠨ ᠰᠠᠶᠢᠰᠢᠶᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠵᠤᠷᠢᠯᠳᠠᠳᠦ ᠶᠠᠷᠢᠶᠠᠨ ᠳᠠᠭᠠᠨ ᠳᠤᠷᠠᠳᠤᠭᠰᠠᠨ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠢᠳᠡᠪᠬᠢᠲᠡᠢ ᠴᠤᠤᠷᠢᠶᠠᠲᠤᠨ ᠳᠠᠭᠠᠵᠤ ᠂ ᠳᠤᠷᠠᠲᠠᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠯᠤᠭ᠎ᠠ ᠬᠠᠮᠲᠤ ᠪᠠᠷ ᠂ ᠣᠳᠣᠬᠢᠴᠢᠯᠠᠯᠲᠠ ᠶᠢᠨ ᠠᠬᠢᠴᠠ ᠳᠤᠮᠳᠠ ᠬᠥᠲᠥᠯᠥᠨ ᠳᠠᠭᠠᠭᠤᠯᠬᠤ ᠪᠠ ᠠᠬᠢᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠤᠨ᠎ᠠ ᠭᠡᠵᠦ ᠢᠯᠡᠳᠬᠡᠵᠡᠭᠡᠪᠡ ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠶᠠᠷᠢᠯᠴᠠᠬᠤ ᠬᠤᠷᠠᠯ ᠳᠤ ᠣᠷᠣᠯᠴᠠᠬᠰᠠᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠵᠠᠢ ᠃ ᠲᠡᠷᠡ ᠶᠡᠷᠦᠩᠬᠡᠢ ᠱᠦᠵᠢ ᠰᠢ ᠶᠢᠨ ᠫᠢᠩ ᠭᠤᠣᠯ ᠵᠤᠷᠢᠯᠳᠠᠳᠦ ᠶᠠᠷᠢᠶ᠎ᠠ ᠲᠠᠯᠪᠢᠵᠤ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠲᠤᠬᠠᠢ ᠲᠠᠨᠢᠯᠲᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠴᠤ ᠂ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠲᠠᠢ ᠬᠠᠮᠲᠤ ᠪᠠᠷ ᠂ ᠲᠤᠰ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠦᠢᠯᠡᠰ ᠢ ᠠᠬᠢᠭᠤᠯᠵᠤ ᠂ ᠪᠦᠭᠦ ᠪᠥᠮᠪᠥᠷᠴᠡᠭ ᠤᠨ ᠪᠣᠯᠪᠠᠰᠤᠨ ᠤ ᠰᠣᠯᠢᠯᠴᠠᠭ᠎ᠠ ᠲᠣᠯᠢᠳᠠᠯ ᠢ ᠠᠬᠢᠭᠤᠯᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠴᠢᠩ ᠦᠨᠡᠨᠴᠢ ᠬᠦᠰᠡᠯ ᠡᠷᠡᠮᠡᠯᠵᠡᠯ ᠢ ᠢᠯᠡᠳᠬᠡᠵᠦ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠮᠥᠨ ᠲᠥᠷᠥᠯᠬᠢᠲᠡᠨ ᠤ ᠬᠠᠮᠲᠤ ᠶᠢᠨ ᠥᠷᠢᠰᠦᠯᠳᠦᠭᠡᠨ ᠳᠤ ᠰᠢᠭᠤᠳ ᠬᠠᠨᠳᠤᠬᠤ ᠤᠯᠤᠰ ᠲᠦᠷᠦ ᠶᠢᠨ ᠰᠥᠰᠥ ᠵᠣᠷᠢᠭ ᠪᠣᠯᠣᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ ᠂ ᠳᠡᠯᠡᠬᠡᠢ ᠶᠢᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢ ᠠᠬᠢᠭᠤᠯᠬᠤ ᠳᠤ ᠳᠤᠮᠳᠠᠳᠤ ᠤᠯᠤᠰ ᠤᠨ ᠲᠥᠰᠥᠯ ᠢ ᠬᠠᠩᠭᠠᠪᠠ ᠃ ᠳᠤᠮᠳᠠᠳᠤ ᠤᠯᠤᠰ ᠤᠨ ᠡᠪ ᠬᠠᠮᠲᠤ ᠨᠠᠮ ᠳᠤᠷᠠᠲᠠᠶ᠎ᠠ ᠡᠯ᠎ᠡ ᠤᠯᠤᠰ ᠤᠨ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠲᠠᠢ ᠣᠳᠣᠬᠢᠴᠢᠯᠠᠯᠲᠠ ᠶᠢᠨ ᠵᠠᠮ ᠢ ᠬᠠᠶᠢᠨ ᠰᠦᠪᠡᠭᠴᠢᠯᠡᠬᠦ ᠂ ᠪᠣᠯᠪᠠᠰᠤᠨ ᠤ ᠲᠠᠪᠰᠢᠯᠳᠠ ᠶᠢ ᠠᠬᠢᠭᠤᠯᠬᠤ ᠲᠦᠷᠦ ᠶᠢᠨ ᠨᠠᠮ ᠤᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠵᠦ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠠᠶᠠᠨ ᠳᠤ ᠭᠠᠷ ᠬᠤᠯᠪᠣᠨ ᠬᠠᠮᠲᠤ ᠪᠠᠷ ᠤᠷᠤᠭᠰᠢᠯᠠᠨ᠎ᠠ ᠭᠡᠵᠦ ᠵᠢᠭᠠᠵᠤ ᠭᠠᠷᠭᠠᠪᠠ ᠃

ᠸᠠᠩ ᠢ ᠂ ᠶᠢᠨ ᠯᠢ ᠂ ᠯᠢ ᠱᠣ᠋ ᠯᠧᠢ ᠂ ᠴᠢᠨ ᠭᠠᠩ ᠨᠠᠷ ᠶᠠᠷᠢᠯᠴᠠᠬᠤ ᠬᠤᠷᠠᠯ ᠳᠤ ᠣᠷᠣᠯᠴᠠᠪᠠ ᠃

ᠳᠤᠮᠳᠠᠳᠤ ᠤᠯᠤᠰ ᠤᠨ ᠡᠪ ᠬᠠᠮᠲᠤ ᠨᠠᠮ ᠪᠣᠯᠣᠨ ᠳᠡᠯᠡᠬᠡᠢ ᠶᠢᠨ ᠲᠦᠷᠦ ᠶᠢᠨ ᠨᠠᠮ ᠯᠤᠭ᠎ᠠ ᠶᠢᠨ ᠳᠡᠭᠡᠳᠦ ᠲᠡᠰ ᠤᠨ ᠶᠠᠷᠢᠯᠴᠠᠭ᠎ᠠ ᠶᠢᠨ ᠬᠤᠷᠠᠯ ᠨᠢ 《ᠣᠳᠣᠬᠢᠴᠢᠯᠠᠯᠲᠠ ᠶᠢᠨ ᠵᠠᠮ᠄ ᠲᠦᠷᠦ ᠶᠢᠨ ᠨᠠᠮ ᠤᠨ ᠬᠠᠷᠢᠭᠤᠴᠠᠯᠭ᠎ᠠ》 ᠪᠠᠷ ᠭᠤᠣᠯ ᠰᠡᠳᠦᠪ ᠪᠤᠯᠭᠠᠵᠤ ᠂ 150 ᠭᠠᠷᠤᠢ ᠤᠯᠤᠰ ᠤᠨ 500 ᠭᠠᠷᠤᠢ ᠲᠦᠷᠦ ᠶᠢᠨ ᠨᠠᠮ ᠪᠣᠯᠣᠨ ᠤᠯᠤᠰ ᠲᠦᠷᠦ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠵᠠᠢ ᠃

 

 

 


   :                    
   :           
备案序号:蒙ICP备05003250号 公安备案15010502000173