ᠵᠤᠬᠢᠶᠠᠭᠴᠢ:
ᠴᠠᠭ:2023-03-17
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
2023 ᠣᠨ ᠳᠤ ᠮᠠᠨ ᠤ ᠣᠷᠣᠨ ᠪᠠᠷᠤᠭ 5000 ᠺᠢᠯᠣᠮᠧᠲᠷ ᠤᠨ ᠬᠡᠪᠴᠢᠶ᠎ᠡ ᠪᠦᠬᠦᠢ ᠭᠤᠣᠯᠳᠠᠯᠭ᠎ᠠ ᠲᠠᠢ ᠵᠠᠰᠠᠮᠠᠯ ᠵᠠᠮ ᠪᠠᠶᠢᠭᠤᠯᠬᠤ ᠪᠠᠷ ᠲᠥᠯᠥᠪᠯᠡᠵᠦ ᠪᠣᠶ
ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠵᠠᠮ ᠬᠠᠷᠢᠯᠴᠠᠭᠠᠨ ᠤ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠭᠤᠣᠯᠳᠠᠯᠭ᠎ᠠ ᠲᠠᠢ ᠵᠠᠰᠠᠮᠠᠯ ᠵᠠᠮ ᠤᠨ 62 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠪᠤᠢ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ ᠪᠠᠷᠤᠭ 5000 ᠺᠢᠯᠣᠮᠧᠲᠷ ᠪᠣᠯᠣᠨ᠎ᠠ᠃
2022 ᠣᠨ ᠳᠤ᠂ ᠮᠠᠨ ᠤ ᠣᠷᠣᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ 354.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠠᠳᠠᠯᠢ ᠬᠤᠭᠤᠴᠠᠭᠠᠨ ᠤ ᠬᠢ ᠠᠴᠠ 22.1% ᠨᠡᠮᠡᠭᠳᠡᠭᠰᠡᠨ ᠪᠠᠶᠢᠨ᠎ᠠ᠃ ᠪᠥᠬᠦ ᠣᠷᠣᠨ ᠤ 1181 ᠺᠢᠯᠣᠮᠧᠲᠷ ᠤᠨ ᠤᠯᠤᠰ ᠤᠨ ᠲᠦᠷᠭᠡᠨ ᠤ ᠵᠠᠮ ᠪᠠ 4130 ᠺᠢᠯᠣᠮᠧᠲᠷ ᠤᠨ ᠡᠩ ᠤᠨ ᠤᠯᠤᠰ ᠤᠨ ᠵᠠᠮ ᠤᠨ ᠲᠥᠷᠥᠯ ᠵᠦᠢᠯ ᠤᠳ ᠢ 《ᠤᠯᠤᠰ ᠤᠨ ᠵᠠᠰᠠᠮᠠᠯ ᠵᠠᠮ ᠤᠨ ᠲᠣᠣᠷ ᠤᠨ ᠲᠥᠯᠦᠪᠵᠢᠭᠦᠯᠭᠡ ︵2021 ︱ 2035︶》 ᠳᠤ ᠣᠷᠣᠭᠤᠯᠵᠤ᠂ ᠲᠦᠷᠭᠡᠨ ᠤ ᠵᠠᠮ ᠢ 709 ᠺᠢᠯᠣᠮᠧᠲᠷ ᠰᠢᠨ᠎ᠡ ᠪᠠᠷ ᠨᠡᠮᠡᠭᠳᠡᠭᠦᠯᠵᠦ᠂ ᠡᠷᠢᠶᠡᠨ ᠬᠤᠲᠠ ᠠᠴᠠ ᠰᠠᠶᠢᠬᠠᠨᠲᠠᠯ᠎ᠠ ᠬᠦᠷᠬᠦ G55 ᠶᠢᠨ ᠬᠡᠰᠡᠭ᠂ ᠭᠦᠩᠵᠦ ᠶᠢᠨ ᠳᠠᠯᠠᠩ ᠠᠴᠠ ᠪᠢᠷᠠᠭᠤ ᠬᠦᠷᠬᠦ᠂ ᠳ᠋ᠠᠪᠠᠨ ᠠᠴᠠ ᠴᠠᠪᠠ ᠶᠢᠨ ᠲᠠᠯ᠎ᠠ ᠬᠦᠷᠬᠦ G5511 ᠶᠢᠨ ᠬᠡᠰᠡᠭ ᠵᠡᠷᠭᠡ ᠲᠦᠷᠭᠡᠨ ᠤ ᠵᠠᠮ ᠤᠨ ᠭᠤᠣᠯ ᠴᠣᠭᠴᠠ ᠶᠢ ᠪᠠᠶᠢᠭᠤᠯᠵᠤ ᠳᠠᠭᠤᠰᠬᠠᠪᠠ᠃ ᠲᠠᠷᠢᠶᠠᠯᠠᠬᠤ ᠮᠠᠯᠵᠢᠬᠤ ᠣᠷᠣᠨ ᠳᠤ 7785 ᠺᠢᠯᠣᠮᠧᠲᠷ ᠤᠨ ᠵᠠᠰᠠᠮᠠᠯ ᠵᠠᠮ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ 6261 ᠺᠢᠯᠣᠮᠧᠲᠷ ᠤᠨ ᠵᠠᠰᠠᠮᠠᠯ ᠵᠠᠮ ᠤᠨ ᠪᠠᠷᠢᠯᠭ᠎ᠠ ᠶᠢ ᠳᠠᠭᠤᠰᠬᠠᠭᠠᠳ᠂ ᠣᠨ ᠤ ᠬᠠᠷᠠᠯᠲᠠ ᠡᠭᠦᠷᠭᠡ ᠪᠠᠨ ᠳᠠᠪᠠᠭᠤᠯᠤᠨ ᠪᠡᠶᠡᠯᠡᠭᠦᠯᠵᠡᠢ᠃
2023 ᠣᠨ ᠳᠤ᠂ ᠮᠠᠨ ᠤ ᠣᠷᠣᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ 350 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ 1 ᠲᠦᠮᠡᠨ ᠺᠢᠯᠣᠮᠧᠲᠷ ᠤᠨ ᠵᠠᠰᠠᠮᠠᠯ ᠵᠠᠮ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ G5511 ᠶᠡᠭᠡ ᠨᠡᠪᠲᠡᠷᠡᠯ ᠵᠠᠮ᠂ G331 ᠬᠢᠯᠢ ᠳᠠᠭᠠᠤ ᠶᠢᠨ ᠵᠠᠰᠠᠮᠠᠯ ᠵᠠᠮ ᠵᠡᠷᠭᠡ ᠲᠥᠷᠥᠯ ᠵᠦᠢᠯ ᠤᠳ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠡᠬᠢ ᠪᠠᠶᠠᠯᠢᠭ ᠤᠨ ᠵᠠᠮ᠂ ᠠᠵᠤ ᠦᠢᠯᠡᠰ ᠤᠨ ᠵᠠᠮ᠂ ᠵᠢᠭᠤᠯᠴᠢᠯᠠᠯ ᠤᠨ ᠵᠠᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠵᠢᠱᠢᠯᠲᠡ ᠪᠠᠷ ᠵᠢᠯ ᠤᠨ ᠡᠴᠦᠰ ᠲᠤ 26 ᠭᠤᠣᠯ ᠴᠣᠭᠴᠠ ᠶᠢ ᠪᠠᠶᠢᠭᠤᠯᠤᠨ ᠳᠠᠭᠤᠰᠬᠠᠵᠤ᠂ ᠵᠡᠭᠦᠨᠰᠢ ᠪᠠᠷᠠᠭᠤᠨᠰᠢ ᠶᠢᠨ ᠶᠡᠭᠡ ᠨᠡᠪᠲᠡᠷᠡᠯ ᠵᠠᠮ ᠤᠨ ᠲᠦᠩᠯᠢᠶᠣᠣ ᠳᠠᠬᠢ 108 ᠺᠢᠯᠣᠮᠧᠲᠷ ᠤᠨ ᠬᠡᠰᠡᠭ ᠠᠴᠠ ᠪᠤᠰᠤᠳ ᠢ ᠨᠢ ᠪᠦᠬᠦᠨ ᠢ ᠨᠠᠪᠲᠠᠷᠡᠭᠦᠯᠵᠦ᠂ ᠮᠠᠨᠵᠤᠤᠷ ᠬᠢᠯᠢ ᠶᠢᠨ ᠪᠣᠭᠤᠮᠲᠠ ᠶᠢᠨ ᠲᠦᠷᠭᠡᠨ ᠤ ᠵᠠᠮ ᠢ ᠨᠡᠪᠲᠡᠷᠡᠭᠦᠯᠦᠨ᠂ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠳᠤ ᠨᠡᠪᠲᠡᠷᠡᠬᠦ ᠲᠦᠷᠭᠡᠨ ᠤ ᠵᠠᠮ ᠤᠨ ᠬᠠᠷᠢᠴᠠᠯ ᠢ 66.7% ᠳᠤ ᠬᠦᠷᠦᠭᠦᠯᠦᠨ᠎ᠡ︔ ᠮᠠᠨᠵᠤᠤᠷ ᠬᠤᠲᠠ᠂ ᠵᠠᠯᠠᠶᠢᠨᠠᠭᠤᠷ ᠲᠣᠭᠤᠷᠢᠭ ᠲᠤ ᠨᠡᠪᠲᠡᠷᠡᠬᠦ ᠲᠦᠷᠭᠡᠨ ᠤ ᠵᠠᠮ ᠢ ᠰᠢᠨ᠎ᠡ ᠪᠠᠷ ᠨᠡᠮᠡᠭᠳᠡᠭᠦᠯᠵᠦ ᠪᠥᠬᠦ ᠣᠷᠣᠨ ᠤ ᠲᠦᠷᠭᠡᠨ ᠤ ᠵᠠᠮ ᠨᠡᠪᠲᠡᠷᠡᠭᠰᠡᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠠᠷᠢᠴᠠᠯ ᠢ 75.7% ᠳᠤ ᠬᠦᠷᠦᠭᠦᠯᠦᠨ᠎ᠡ᠃ 15 ᠵᠤᠷᠪᠤᠰ ᠤᠯᠤᠰ ᠪᠠ ᠮᠤᠵᠢ ᠶᠢᠨ ᠭᠤᠣᠯ ᠱᠤᠭᠤᠮ ᠤᠨ 《ᠮᠤᠬᠤᠷ ᠵᠠᠮ》 ᠢ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠤᠰ ᠵᠢᠯ ᠤᠨ ᠳᠣᠲᠣᠷ᠎ᠠ 8 ᠵᠤᠷᠪᠤᠰ ᠢ ᠨᠡᠪᠲᠡᠷᠡᠭᠦᠯᠦᠨ᠎ᠡ᠃ 3 ᠶᠡᠷᠦᠩᠬᠡᠶᠢᠯᠡᠭᠰᠡᠨ ᠠᠶᠠᠨᠴᠢᠳ ᠤᠨ ᠲᠡᠭᠡᠭᠡᠪᠦᠷᠢ ᠶᠢᠨ ᠬᠦᠢᠰᠦ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠥᠬᠡᠬᠤᠲᠠ᠂ ᠪᠤᠭᠤᠲᠤ ᠶᠢ ᠤᠯᠤᠰ ᠤᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠬᠦᠢᠰᠦ ᠶᠢᠨ ᠬᠡᠯᠬᠢᠶ᠎ᠡ ᠶᠢ ᠨᠥᠬᠦᠨ ᠬᠡᠯᠬᠢᠶ᠎ᠡ ᠶᠢ ᠬᠦᠴᠦᠷᠬᠡᠭᠵᠢᠭᠦᠯᠬᠦ ᠬᠤᠳᠠ ᠳᠤ ᠣᠷᠣᠭᠤᠯᠬᠤ ᠪᠠᠷ ᠴᠢᠷᠮᠠᠶᠢᠨ᠎ᠠ᠃