ᠵᠤᠬᠢᠶᠠᠭᠴᠢ:
ᠴᠠᠭ:2023-03-17
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠢᠨ ᠠᠷᠠᠳ ᠤᠨ ᠰᠦᠯᠵᠢᠶ᠎ᠡ ᠶᠢᠨ ᠰᠦᠯᠵᠢᠶᠡᠨ ᠠᠨᠳᠠ ᠨᠠᠷ ᠲᠤ ᠢᠯᠡᠭᠡᠭᠰᠡᠨ ᠵᠠᠬᠢᠳᠠᠯ
ᠠᠷᠠᠳ ᠤᠨ ᠰᠦᠯᠵᠢᠶ᠎ᠡ ᠶᠢᠨ 2023 ᠣᠨ ᠤ 《ᠪᠢ ᠬᠤᠶᠠᠷ ᠬᠤᠷᠠᠯ ᠳᠤ ᠦᠭᠡ ᠳᠠᠮᠵᠢᠭᠤᠯᠤᠶ᠎ᠠ》 ᠭᠡᠬᠦ ᠰᠠᠨᠠᠯ ᠵᠥᠪᠯᠡᠯᠭᠡ ᠡᠯᠰᠡᠨ ᠴᠤᠭᠯᠠᠭᠤᠯᠬᠤ ᠠᠵᠢᠯᠯᠠᠭ᠎ᠠ ᠶᠠᠭ ᠶᠠᠪᠤᠭᠳᠠᠵᠤ᠂ ᠥᠷᠭᠡᠨ ᠣᠯᠠᠨ ᠰᠦᠯᠵᠢᠶᠡᠨ ᠠᠨᠳᠠ ᠨᠠᠷ ᠠᠩᠬᠠᠷᠤᠯ ᠲᠠᠯᠪᠢᠵᠤ ᠪᠠᠶᠢᠬᠤ ᠪᠥᠭᠡᠳ ᠢᠳᠡᠪᠬᠢᠲᠡᠢ ᠣᠷᠣᠯᠴᠠᠵᠤ ᠪᠠᠶᠢᠨ᠎ᠠ᠃ ᠣᠶᠢᠷ᠎ᠠ ᠳᠤ᠂ ᠲᠥᠪ ᠤᠨ ᠶᠠᠮᠤᠨ ᠵᠦᠪᠯᠡᠯ ᠦᠨ ᠬᠡᠰᠡᠭ ᠤᠳᠤᠷᠢᠳᠤᠯᠭ᠎ᠠ᠂ ᠣᠷᠣᠨ ᠨᠤᠲᠤᠭ ᠤᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ᠂ ᠮᠤᠵᠢ ᠶᠢᠨ ᠳᠠᠷᠤᠭ᠎ᠠ ᠨᠠᠷ ᠬᠤᠶᠢᠨ᠎ᠠ ᠬᠤᠶᠢᠨ᠎ᠠ ᠠᠴᠠ ᠪᠠᠨ ᠠᠷᠠᠳ ᠤᠨ ᠰᠦᠯᠵᠢᠶ᠎ᠡ ᠪᠠᠷ ᠳᠠᠮᠵᠢᠭᠤᠯᠤᠨ ᠰᠦᠯᠵᠢᠶᠡᠨ ᠠᠨᠳᠠ ᠨᠠᠷ ᠲᠤ ᠵᠠᠬᠢᠳᠠᠯ ᠢᠯᠡᠭᠡᠵᠦ᠂ ᠣᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠴᠦ ᠪᠠᠶᠢᠨ᠎ᠠ᠃
ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠄ ᠰᠦᠯᠵᠢᠶᠡᠨ ᠠᠨᠳᠠ ᠨᠠᠷ ᠤᠨ ᠦᠭᠡ ᠦᠯᠡᠳᠡᠭᠡᠭᠰᠡᠨ ᠶᠠᠪᠤᠳᠠᠯ ᠪᠣᠯ ᠴᠥᠮ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠠᠨᠠᠭᠠᠰᠢᠷᠠᠵᠤ ᠪᠠᠶᠢᠭ᠎ᠠ 《ᠲᠡᠷᠢᠭᠦᠨ ᠴᠢᠬᠤᠯᠠ ᠶᠠᠪᠤᠳᠠᠯ》 ᠮᠥᠨ᠃
ᠬᠠᠶᠢᠷᠠᠲᠤ ᠥᠷᠭᠡᠨ ᠤᠯᠠᠨ ᠰᠦᠯᠵᠢᠶᠡᠨ ᠠᠨᠳᠠ ᠨᠠᠷ ᠠ᠋᠄
ᠢᠶᠠᠨ ᠰᠠᠶᠢᠨ ᠪᠠᠶᠢᠵᠠᠭᠠᠨ᠎ᠠ ᠦᠦ︕
ᠪᠦᠬᠦ ᠤᠯᠤᠰ ᠤᠨ《ᠬᠤᠶᠠᠷ ᠬᠤᠷᠠᠯ》ᠬᠤᠷᠠᠯᠳᠤᠭᠰᠠᠨ ᠬᠠᠪᠤᠷ ᠤᠨ ᠤᠷᠢᠬᠠᠨ ᠰᠠᠯᠬᠢᠨ ᠰᠡᠪᠡᠯᠵᠡᠵᠦ᠂ ᠲᠦᠮᠡᠨ ᠪᠣᠳᠠᠰ ᠠᠮᠢᠯᠠᠨ ᠳᠡᠯᠭᠡᠷᠡᠭᠰᠡᠨ ᠡᠨᠡ ᠬᠦ ᠴᠠᠭ ᠮᠥᠴᠡ ᠳᠤ᠂ ᠠᠷᠠᠳ ᠤᠨ ᠰᠦᠯᠵᠢᠶ᠎ᠡ ᠪᠠᠷ ᠳᠠᠮᠵᠢᠭᠤᠯᠤᠨ ᠣᠯᠠᠨ ᠲᠠᠢ ᠰᠠᠨᠠᠯ ᠢᠶᠠᠨ ᠰᠣᠯᠢᠯᠴᠠᠬᠤ ᠪᠣᠯᠤᠭᠰᠠᠨ ᠳᠤ ᠪᠠᠨ ᠮᠠᠰᠢ ᠪᠠᠶᠠᠷᠲᠠᠢ ᠪᠠᠶᠢᠨ᠎ᠠ᠃ ᠥᠩᠭᠡᠷᠡᠭᠰᠡᠨ ᠨᠢᠭᠡ ᠵᠢᠯ ᠳᠤ᠂ ᠪᠢ ᠮᠠᠰᠢ ᠤᠯᠠᠨ ᠰᠦᠯᠵᠢᠶᠡᠨ ᠠᠨᠳᠠ ᠨᠠᠷ ᠤᠨ ᠦᠯᠡᠳᠡᠭᠡᠭᠰᠡᠨ ᠦᠭᠡ ᠶᠢ ᠲᠣᠰᠪᠠ᠂ ᠡᠭᠦᠨ ᠳᠤ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠲᠤᠬᠠᠢ ᠬᠠᠯᠠᠭᠤᠨ ᠳᠣᠲᠣᠨᠣ ᠬᠦᠰᠡᠯ ᠡᠷᠡᠮᠡᠯᠵᠡᠯ ᠪᠤᠢ᠂ ᠠᠷᠠᠳ ᠤᠯᠠᠨ ᠤ ᠡᠳᠦᠷ ᠳᠣᠲᠣᠮ ᠤᠨ ᠠᠮᠢᠳᠤᠷᠠᠯ ᠳᠤ ᠬᠤᠯᠪᠣᠭᠳᠠᠭᠰᠠᠨ 《ᠵᠢᠵᠢᠭ ᠰᠠᠵᠢᠭ ᠶᠠᠪᠤᠳᠠᠯ ᠴᠦ》 ᠪᠤᠢ᠂ ᠪᠠᠰᠠ ᠮᠠᠰᠢ ᠤᠯᠠᠨ 《ᠮᠡᠷᠭᠡᠨ ᠠᠷᠭ᠎ᠠ》᠂ ᠰᠠᠶᠢᠨ ᠠᠷᠭ᠎ᠠ ᠪᠤᠢ᠂ ᠡᠳᠡᠭᠡᠷ ᠨᠢ ᠴᠥᠮ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠰᠠᠨᠠᠭᠠᠰᠢᠷᠠᠵᠤ ᠪᠠᠶᠢᠭ᠎ᠠ 《ᠲᠡᠷᠢᠭᠦᠨ ᠴᠢᠬᠤᠯᠠ ᠶᠠᠪᠤᠳᠠᠯ》 ᠪᠣᠯᠣᠨ᠎ᠠ᠂ ᠮᠥᠨ ᠴᠦ ᠤᠯᠠᠨ ᠢᠶᠠᠷ ᠢᠶᠠᠨ ᠥᠪᠥᠷ ᠮᠣᠩᠭᠤᠯ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠬᠤ ᠶᠢ ᠬᠠᠷᠠᠭᠤᠯᠵᠤ ᠪᠠᠶᠢᠨ᠎ᠠ᠃ ᠠᠳᠡ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕
ᠰᠠᠶ᠋ᠢᠬᠠᠨ ᠥᠩᠭᠡᠷᠡᠨ ᠣᠲᠣᠭᠰᠠᠨ 2022 ᠣᠨ ᠪᠣᠯ ᠲᠤᠩ ᠶᠡᠷᠦ ᠪᠤᠰᠤ ᠶᠢᠨ ᠨᠢᠭᠡ ᠵᠢᠯ ᠮᠥᠨ᠃ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠭᠠᠷ ᠭᠠᠷ ᠢᠶᠠᠨ ᠬᠤᠯᠪᠣᠨ ᠰᠡᠳᠬᠢᠯ ᠢᠶᠠᠨ ᠨᠢᠭᠡᠳᠬᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠴᠢᠩᠭ᠎ᠠ ᠰᠢᠯᠭᠠᠯᠲᠠ ᠶᠢ ᠳᠠᠭᠠᠭᠠᠨ᠂ ᠠᠵᠤ ᠠᠬᠤᠢ ᠤᠷᠤᠭᠤᠳᠠᠬᠤ ᠯᠤᠲᠤ ᠶᠡᠭᠡ ᠳᠠᠷᠤᠯᠲᠠ ᠶᠢ ᠳᠠᠭᠠᠭᠠᠵᠤ᠂ ᠲᠣᠭᠲᠠᠭᠤᠨ ᠤ ᠳᠤᠮᠳᠠ ᠤᠷᠤᠭᠰᠢᠯᠠᠬᠤ᠂ ᠲᠣᠭᠲᠠᠭᠤᠨ ᠤ ᠳᠤᠮᠳᠠ ᠴᠢᠨᠠᠷᠵᠢᠭᠤᠨ ᠬᠥᠭᠵᠢᠬᠦ ᠬᠠᠨᠳᠤᠰᠢ ᠶᠢ ᠪᠠᠲᠤᠯᠠᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠢᠲᠡᠭᠡᠯ ᠵᠣᠷᠢᠭ ᠢᠶᠠᠨ ᠬᠥᠪᠴᠢᠯᠡᠭᠰᠡᠨ ᠪᠠᠶᠢᠨ᠎ᠠ᠃ ᠥᠨᠥᠳᠥᠷ ᠤᠨ ᠥᠪᠥᠷ ᠮᠣᠩᠭᠤᠯ ᠳᠤ 《ᠬᠤᠨᠢ᠂ ᠨᠡᠭᠦᠷᠡᠰᠦ᠂ ᠬᠤᠪᠣᠷ ᠰᠢᠷᠣᠢ᠂ ᠪᠠᠶᠢᠭᠠᠯᠢ ᠶᠢᠨ ᠰᠢᠲᠠᠮᠠᠬᠠᠢ ᠬᠡᠢ》 ᠪᠠᠶᠢᠬᠤ ᠪᠥᠭᠡᠳ ᠨᠡᠩ ᠴᠤ 《ᠤᠷᠢᠨ ᠳᠤᠯᠠᠭᠠᠨ ᠠᠭᠤᠷ ᠠᠮᠢᠰᠬᠤᠯ》 ᠪᠤᠢ᠂ ᠪᠢᠳᠡᠨ ᠳᠤ ᠪᠠᠰᠠ ᠤᠯᠤᠰ ᠤᠨ ᠴᠢᠬᠤᠯᠠ 《ᠠᠮᠤ ᠶᠢᠨ ᠰᠠᠩ》《ᠮᠢᠬᠠᠨ ᠤ ᠬᠥᠮᠥᠷᠭᠡ》《ᠰᠦ ᠶᠢᠨ ᠬᠥᠨᠥᠭ》《ᠨᠣᠣᠯᠣᠭᠤᠷ ᠤᠨ ᠬᠤᠲᠠ》 ᠪᠠᠶᠢᠵᠤ᠂ 《ᠪᠣᠬᠢᠷᠳᠤᠯ ᠦᠭᠡᠢ ᠴᠠᠬᠢᠯᠭᠠᠨ》 ᠲᠦᠭ ᠲᠦᠮᠡᠨ ᠠᠶᠢᠯ ᠡᠷᠦᠬᠡ ᠶᠢ ᠭᠡᠷᠡᠯᠲᠦᠭᠦᠯᠵᠦ᠂ 《ᠪᠣᠬᠢᠷᠳᠤᠯ ᠦᠭᠡᠢ ᠢᠳᠡᠭᠡᠨ》 ᠬᠥᠬᠡᠮᠥ᠋ᠷᠡᠨ ᠤ ᠡᠮᠦᠨ᠎ᠡ ᠤᠮᠠᠷ᠎ᠠ ᠳᠤ ᠠᠯᠳᠠᠷᠰᠢᠵᠤ᠂ ᠡᠯ᠎ᠡ ᠦᠨᠳᠦᠰᠦᠲᠡᠨ ᠤ 2400 ᠭᠠᠷᠤᠢ ᠲᠦᠮᠡᠨ ᠠᠷᠠᠳ ᠲᠦᠮᠡᠨ ᠰᠠᠬᠢᠨ ᠪᠠᠷᠠᠯᠠᠯᠴᠠᠵᠤ ᠬᠠᠷᠢᠯᠴᠠᠨ ᠬᠠᠪᠰᠤᠷᠤᠯᠴᠠᠨ᠂ ᠰᠡᠳᠬᠢᠯ ᠢᠶᠠᠨ ᠨᠢᠭᠡᠳᠬᠡᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠳᠠᠷᠳᠠᠩ ᠵᠠᠮ ᠢᠶᠠᠷ ᠠᠵᠢᠨᠠᠢ ᠬᠥᠯᠥᠭ ᠮᠡᠲᠦ ᠳᠡᠭᠦᠯᠢᠨ ᠳᠠᠪᠬᠢᠭᠤᠯᠵᠤ ᠪᠠᠶᠢᠨ᠎ᠠ᠃
ᠠᠷᠠᠳ ᠤᠯᠠᠨ ᠪᠣᠯ ᠵᠠᠰᠠᠭ ᠤᠨ ᠣᠷᠳᠣᠨ ᠤ 《ᠨᠡᠷᠡᠰ ᠤᠨ ᠵᠢᠭᠰᠠᠭᠠᠯᠲᠠ ᠶᠢᠨ ᠲᠡᠷᠢᠭᠦᠨ ᠨᠡᠷᠡᠰ》 ᠮᠥᠨ᠂ ᠠᠷᠠᠳ ᠤᠯᠠᠨ ᠤ ᠬᠡᠷᠡᠭᠴᠡᠭᠡ ᠱᠠᠭᠠᠷᠳᠠᠯᠭ᠎ᠠ ᠪᠣᠯ ᠵᠠᠰᠠᠭ ᠤᠨ ᠣᠷᠳᠣᠨ ᠤ ᠠᠵᠢᠯ ᠤᠨ 《ᠲᠡᠷᠢᠭᠦᠨ ᠵᠤᠷᠪᠤᠰ》 ᠮᠥᠨ᠃ ᠡᠨᠡ ᠵᠢᠯ ᠪᠢᠳᠡ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠤᠯᠠᠨ ᠲᠦᠮᠡᠨ ᠤ《ᠵᠠᠩᠭᠢᠯᠠᠭ᠎ᠠ ᠶᠢᠨ ᠵᠢᠵᠢᠭ ᠶᠠᠪᠤᠳᠠᠯ》 ᠤᠨ ᠲᠣᠭᠤᠷᠢᠨ ᠳᠤ ᠠᠷᠠᠳ ᠤᠨ ᠠᠮᠢᠳᠤᠷᠠᠯ ᠳᠤ ᠬᠤᠯᠪᠣᠭᠳᠠᠭᠰᠠᠨ 43 ᠵᠦᠢᠯ ᠤᠨ ᠶᠠᠪᠤᠳᠠᠯ ᠢ ᠳᠤᠷᠠᠳᠤᠨ ᠭᠠᠷᠭᠠᠵᠤ᠂ ᠲᠣᠳᠣᠷᠬᠠᠢ ᠬᠠᠭᠤᠳᠠᠰᠤ ᠮᠠᠶ᠋ᠢᠭ ᠤᠨ ᠬᠠᠮᠢᠶᠠᠷᠤᠯᠲᠠ᠂ ᠲᠦᠷᠦᠯ ᠵᠦᠢᠯ ᠤᠨ ᠮᠠᠶ᠋ᠢᠭ ᠢᠶᠠᠷ ᠠᠬᠢᠭᠤᠯᠬᠤ ᠶᠢ ᠬᠡᠷᠡᠭᠵᠢᠭᠦᠯᠦᠭᠰᠡᠨ ᠨᠢ ᠳᠠᠷᠤᠢ ᠠᠷᠠᠳ ᠣᠯᠠᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠤᠳ ᠢ ᠣᠶᠢᠯᠠᠭᠠᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠣᠳᠠᠲᠠᠢ ᠶᠠᠪᠤᠳᠠᠯ ᠤᠳ ᠢ ᠰᠠᠶᠢᠲᠤᠷ ᠬᠢᠵᠦ᠂ ᠠᠷᠠᠳ ᠤᠯᠠᠨ ᠤ ᠠᠮᠢᠳᠤᠷᠠᠯ ᠢ ᠨᠡᠩ ᠰᠠᠨᠠᠭ᠎ᠠ ᠠᠮᠤᠷ᠂ ᠨᠡᠩ ᠰᠡᠳᠬᠢᠯ ᠲᠣᠭᠲᠠᠭᠤᠨ᠂ ᠨᠡᠩ ᠲᠠᠭᠠᠯᠠᠮᠵᠢᠲᠠᠢ ᠪᠣᠯᠭᠠᠬᠤ ᠶᠢᠨ ᠲᠥᠯᠥᠭᠡ ᠶᠤᠮ᠃ ᠥᠷᠭᠡᠨ ᠤᠯᠠᠨ ᠰᠦᠯᠵᠢᠶᠡᠨ ᠠᠨᠳᠠ ᠨᠠᠷ ᠤᠨ ᠥᠪᠥᠷ ᠮᠣᠩᠭᠤᠯ ᠢ ᠭᠦᠨ ᠬᠠᠯᠠᠮᠵᠢᠯᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠢ ᠳᠡᠮᠵᠢᠬᠦ ᠶᠢ ᠬᠦᠰᠡᠵᠦ ᠪᠠᠶᠢᠨ᠎ᠠ᠃ ᠪᠢᠳᠡ ᠬᠠᠪᠤᠷ ᠴᠠᠭ ᠠᠴᠠ ᠡᠬᠢᠯᠡᠨ ᠮᠣᠷᠳᠠᠵᠤ᠂ ᠢᠷᠡᠭᠡᠳᠦᠢ ᠵᠦᠭ ᠬᠠᠮᠲᠤ ᠪᠠᠷ ᠤᠷᠤᠭᠰᠢᠯᠠᠵᠤ᠂ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠪᠠ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠬᠠᠮᠲᠤ ᠪᠠᠷ ᠰᠠᠶᠢᠲᠤᠷ ᠬᠢᠵᠡᠭᠡᠶ᠎ᠡ᠃
ᠲᠠ ᠪᠦᠬᠦᠨ ᠤ ᠰᠠᠨᠠᠭᠰᠠᠨ ᠪᠦᠬᠦᠨ ᠰᠠᠨᠠᠭᠠᠴᠢᠯᠠᠨ ᠪᠦᠲᠦᠵᠦ᠂ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠢᠷᠦᠭᠡᠨ ᠵᠥᠩᠨᠡᠶ᠎ᠡ ︕
ᠠᠷᠠᠳ ᠤᠨ ᠰᠦᠯᠵᠢᠶ᠎ᠡ ᠶᠠᠪᠤᠬᠤ ᠲᠤᠲᠤᠮ ᠥᠭᠡᠳᠡᠯᠡᠨ ᠬᠥᠭᠵᠢᠬᠦ ᠶᠢ ᠢᠷᠦᠭᠡᠨ ᠵᠥᠩᠨᠡᠶ᠎ᠡ ︕
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ