ᠵᠤᠬᠢᠶᠠᠭᠴᠢ:
ᠴᠠᠭ:2023-03-17
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠬᠥᠬᠡᠬᠤᠲᠠ 7.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠪᠠᠭᠤᠯᠭᠠᠵᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤᠯᠠᠭ᠎ᠠ ᠬᠠᠩᠭᠠᠵᠤ ᠪᠠᠶᠢᠨ᠎ᠠ
ᠠᠵᠢᠯᠰᠠᠭ ᠬᠥᠮᠥᠨ ᠤ ᠬᠠᠪᠤᠷ ᠤᠨ ᠠᠭᠤᠷ ᠡᠷᠲᠡ᠂ ᠠᠷᠪᠢᠨ ᠬᠥᠳᠡᠯᠮᠦᠷᠢ ᠶᠢᠨ ᠨᠠᠮᠤᠷ ᠤᠨ ᠬᠤᠷᠢᠶᠠᠯᠲᠠ ᠡᠯᠪᠡᠭ᠃ ᠬᠥᠬᠡᠬᠤᠲᠠ ᠪᠦᠬᠦ ᠵᠢᠯ ᠤᠨ ᠡᠳ᠋ ᠤᠨ ᠵᠠᠰᠠᠭ ᠢᠶᠠᠷ ᠲᠠᠷᠢᠶᠠᠯᠠᠩ ᠢ ᠳᠡᠮᠵᠢᠬᠦ ᠠᠵᠢᠯ ᠢᠶᠠᠨ ᠡᠷᠲᠡ ᠠᠴᠠ ᠲᠥᠯᠥᠪᠯᠡᠵᠦ᠂ ᠡᠯ᠎ᠡ ᠵᠦᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠂ ᠪᠣᠳᠠᠲᠠᠢ ᠪᠥᠭᠡᠳ ᠨᠠᠷᠢᠯᠢᠭ ᠠᠳᠬᠤᠵᠤ ᠂ ᠪᠦᠬᠦ ᠬᠦᠴᠦᠨ ᠢᠶᠠᠷ ᠢᠶᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤᠯᠠᠭ᠎ᠠ ᠬᠠᠩᠭᠠᠵᠤ ᠪᠠᠶᠢᠨ᠎ᠠ ᠃
ᠣᠳᠣ ᠪᠣᠯᠲᠠᠯ᠎ᠠ ᠂ ᠬᠥᠬᠡᠬᠤᠲᠠ ᠨᠢᠭᠡᠨᠲᠡ ᠡᠳ᠋ ᠤᠨ ᠵᠠᠰᠠᠭ ᠢᠶᠠᠷ ᠲᠠᠷᠢᠶᠠᠯᠠᠩ ᠢ ᠳᠡᠮᠵᠢᠬᠦ ᠪᠡᠯᠡ ᠮᠥᠩᠭᠦ ᠶᠢ 7.4 ᠳ᠋ᠦᠩᠰᠢᠭᠤᠷ ᠲᠥᠭᠦᠷᠢᠭ ᠬᠤᠪᠢᠶᠠᠷᠢᠯᠠᠨ ᠪᠠᠭᠤᠯᠭᠠᠵᠤ ᠂ ᠪᠡᠯᠡ ᠮᠥᠩᠭᠦ ᠶᠢ ᠬᠤᠪᠢᠶᠠᠷᠢᠯᠠᠨ ᠪᠠᠭᠤᠯᠭᠠᠭᠰᠠᠨ ᠨᠤᠷᠮ᠎ᠠ ᠨᠢ 94.87% ᠳᠤ ᠬᠦᠷᠴᠦ ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠂ ᠲᠠᠷᠢᠶᠠᠨ ᠭᠠᠵᠠᠷ ᠤᠨ ᠬᠠᠮᠠᠭᠠᠯᠠᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠬᠡᠷᠡᠭᠯᠡᠵᠦ ᠂ ᠠᠮᠤ ᠪᠤᠳᠠᠭᠠᠨ ᠤ ᠦᠢᠯᠡᠳᠪᠦᠷᠢᠯᠡᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠠᠵᠢᠯ ᠢ ᠰᠠᠶᠢᠲᠤᠷ ᠬᠢᠬᠦ ᠶᠢ ᠳᠡᠮᠵᠢᠵᠦ ᠂ ᠲᠠᠷᠢᠶᠠᠯᠠᠭ᠎ᠠ ᠶᠢᠨ ᠠᠵᠢᠯ ᠢᠶᠠᠨ ᠡᠷᠲᠡᠬᠡᠨ ᠡᠬᠢᠯᠡᠭᠦᠯᠪᠡ ᠃
ᠡᠭᠦᠨ ᠤ ᠬᠠᠮᠲᠤ ᠂ ᠬᠥᠬᠡᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠡᠭᠦᠷᠭᠡ ᠲᠤᠰᠢᠶᠠᠯ ᠢᠶᠠᠨ ᠢᠳᠡᠪᠬᠢᠲᠡᠢ ᠭᠦᠢᠴᠡᠳᠬᠡᠵᠦ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠤᠷᠢᠳ ᠢᠶᠠᠷ ᠪᠠᠲᠤᠯᠠᠬᠤ ᠪᠠᠶᠢᠷᠢᠨ ᠳᠤ ᠲᠠᠯᠪᠢᠵᠠᠢ ᠃ ᠬᠤᠰᠢᠭᠤ ᠂ ᠰᠢᠶᠠᠨ ᠂ ᠲᠣᠭᠤᠷᠢᠭ ᠤᠨ ᠪᠡᠯᠡ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ ᠵᠠᠳᠠᠯᠤᠨ ᠮᠠᠭᠠᠳᠯᠠᠬᠤ ᠪᠠᠷ ᠳᠡᠮᠵᠢᠨ ᠂ ᠪᠡᠯᠡ ᠮᠥᠩᠭᠦ ᠶᠢ ᠬᠢᠨᠠᠨ ᠡᠵᠡᠮᠳᠡᠬᠦ ᠶᠢ ᠰᠠᠶᠢᠲᠤᠷ ᠬᠢᠵᠦ ᠂ ᠪᠡᠯᠡ ᠮᠥᠩᠭᠦ ᠶᠢ ᠪᠥᠬᠦ ᠬᠦᠴᠦᠨ ᠢᠶᠠᠷ ᠢᠶᠠᠨ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠂ ᠬᠥᠮᠥᠷᠭᠡ ᠳᠠᠬᠢ ᠪᠡᠯᠡ ᠮᠥᠩᠭᠦ ᠶᠢᠨ ᠪᠠᠲᠤᠯᠠᠬᠤ ᠴᠢᠳᠠᠪᠤᠷᠢ ᠶᠢ ᠳᠡᠭᠡᠭᠰᠢᠯᠡᠭᠦᠯᠦᠨ ᠂ 《ᠭᠤᠷᠪᠠ ᠶᠢ ᠪᠠᠲᠤᠯᠠᠬᠤ》 ᠬᠤᠷᠢᠭ᠎ᠠ ᠱᠤᠭᠤᠮ ᠢ ᠯᠠᠪᠳᠠᠭᠤᠨ ᠪᠣᠳᠠᠲᠠᠢ ᠰᠠᠬᠢᠵᠤ ᠂ ᠬᠥᠮᠥᠷᠭᠡ ᠳᠠᠬᠢ ᠪᠡᠯᠡ ᠮᠥᠩᠭᠦ ᠠᠴᠠ ᠴᠠᠭ ᠲᠤᠬᠠᠢ ᠳᠤ ᠨᠢ ᠳ᠋ᠦᠩᠰᠢᠭᠤᠷ ᠰᠢᠬᠠᠮ ᠲᠥᠭᠦᠷᠢᠭ ᠰᠢᠯᠵᠢᠭᠦᠯᠦᠨ ᠲᠣᠬᠢᠷᠠᠭᠤᠯᠪᠠ ᠃ ᠡᠭᠦᠨ ᠤ ᠬᠠᠮᠲᠤ ᠂ ᠬᠤᠰᠢᠭᠤ ᠂ ᠰᠢᠶᠠᠨ ᠂ ᠲᠣᠭᠤᠷᠢᠭ ᠢ ᠰᠢᠮᠳᠠᠭᠤᠯᠵᠤ ᠪᠠᠶᠢᠭᠠᠳ ᠬᠥᠮᠥᠷᠭᠡ ᠳᠠᠬᠢ ᠪᠡᠯᠡ ᠮᠥᠩᠭᠦ ᠶᠢ ᠵᠦᠢ ᠵᠣᠬᠢᠰᠲᠠᠢ ᠲᠣᠬᠢᠷᠠᠭᠤᠯᠤᠨ ᠂ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠦᠷᠢ ᠵᠡᠷᠭᠡ ᠲᠠᠷᠢᠶᠠᠴᠢᠨ ᠮᠠᠯᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠣᠯᠭᠤᠬᠤ ᠲᠥᠯᠥᠪᠯᠡᠭᠡ ᠶᠢ ᠰᠠᠶᠢᠲᠤᠷ ᠬᠢᠵᠦ ᠪᠠᠶᠢᠨ᠎ᠠ ᠃
ᠡᠭᠦᠨ ᠠᠴᠠ ᠭᠠᠳᠠᠨ᠎ᠠ ᠂ ᠬᠥᠬᠡᠬᠤᠲᠠ ᠶᠢᠨ ᠬᠢᠨ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠭᠤᠣᠯᠳᠠᠯᠭ᠎ᠠ ᠲᠠᠢ ᠪᠡᠯᠡ ᠮᠥᠩᠭᠦ ᠶᠢ ᠦᠷᠭᠦᠯᠵᠢᠯᠡᠨ ᠮᠥᠷᠳᠡᠨ ᠬᠠᠮᠢᠶᠠᠷᠬᠤ ᠂ ᠬᠢᠨᠠᠨ ᠡᠵᠡᠮᠳᠡᠬᠦ ᠪᠠ ᠲᠣᠬᠢᠷᠠᠭᠤᠯᠵᠤ ᠂ ᠬᠢᠨᠠᠨ ᠵᠢᠯᠤᠭᠤᠳᠴᠤ ᠪᠠᠶᠢᠴᠠᠭᠠᠬᠤ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠪᠠᠶᠢᠨ᠎ᠠ ᠃ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠪᠠᠲᠤᠯᠠᠭ᠎ᠠ ᠂ ᠠᠮᠤ ᠪᠤᠳᠠᠭᠠᠨ ᠤ ᠠᠮᠤᠷ ᠲᠦᠪᠰᠢᠨ ᠂ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠵᠡᠷᠭᠡ ᠭᠤᠣᠯᠳᠠᠯᠭ᠎ᠠ ᠲᠠᠢ ᠪᠡᠯᠡ ᠮᠥᠩᠭᠦ ᠶᠢ ᠬᠡᠷᠡᠭᠵᠢᠭᠦᠯᠦᠭᠰᠡᠨ ᠪᠠᠶᠢᠳᠠᠯ ᠤᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠴᠢᠩᠭᠠᠳᠬᠠᠵᠤ ᠂ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠬᠠᠷᠠᠯᠲᠠ ᠶᠢ ᠪᠡᠶᠡᠯᠡᠭᠦᠯᠬᠦ ᠪᠠ ᠲᠥᠰᠥᠪ ᠢ ᠭᠦᠢᠴᠡᠳᠬᠡᠬᠦ ᠠᠬᠢᠴᠠ ᠳᠤ 《 ᠬᠤᠣᠰ ᠬᠢᠨᠠᠨ ᠡᠵᠡᠮᠳᠡᠯ 》 ᠢ ᠬᠡᠷᠡᠭᠵᠢᠭᠦᠯᠵᠦ ᠂ ᠪᠡᠯᠡ ᠮᠥᠩᠭᠦ ᠶᠢᠨ ᠦᠷ᠎ᠡ ᠪᠦᠲᠦᠮᠵᠢ ᠶᠢᠨ ᠦᠨᠡᠯᠡᠯᠲᠡ ᠶᠢᠨ ᠦᠷ᠎ᠡ ᠳ᠋ᠦᠩ ᠯᠦᠭᠡ ᠬᠤᠯᠪᠣᠭᠳᠠᠭᠤᠯᠤᠭᠰᠠᠨ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠠᠶᠢᠨ᠎ᠠ ᠃