ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠢ ᠶᠢᠨ ᠫᠢᠩ ᠰᠠᠦ᠋ᠳᠢ ᠠᠷᠠᠪ ᠤᠨ ᠸᠠᠩ ᠤᠨ ᠵᠠᠯᠭᠠᠮᠵᠢᠯᠠᠭᠴᠢ ᠪᠥᠭᠡᠳ ᠲᠡᠷᠢᠭᠦᠨ ᠰᠠᠶᠢᠳ ᠮᠦᠬᠠᠨᠮᠦ᠋ᠳ᠋ ᠲᠠᠢ ᠤᠲᠠᠰᠤ ᠪᠠᠷ ᠶᠠᠷᠢᠯᠴᠠᠪᠠ
2023 3 ᠰᠠᠷ᠎ᠠ ᠶᠢᠨ 28 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠡᠦ᠋ᠳᠢ ᠠᠷᠠᠪ ᠤᠨ ᠸᠠᠩ ᠤᠨ ᠵᠠᠯᠭᠠᠮᠵᠢᠯᠠᠭᠴᠢ ᠪᠥᠭᠡᠳ ᠲᠡᠷᠢᠭᠦᠨ ᠰᠠᠶᠢᠳ ᠮᠦᠬᠠᠨᠮᠦ᠋ᠳ᠋ ᠲᠠᠢ ᠤᠲᠠᠰᠤ ᠪᠠᠷ ᠶᠠᠷᠢᠯᠴᠠᠪᠠ ᠃
ᠰᠢ ᠶᠢᠨ ᠫᠢᠩ ᠮᠦᠬᠠᠨᠮᠦ᠋ᠳ᠋ ᠢᠶᠠᠷ ᠳᠠᠮᠵᠢᠭᠤᠯᠤᠨ ᠤᠯᠤᠰ ᠤᠨ ᠸᠠᠩ ᠰᠠᠯᠧᠮᠠᠨ ᠳᠤ ᠰᠠᠶᠢᠨ ᠰᠠᠶᠢᠬᠠᠨ ᠵᠥᠩᠨᠡᠯ ᠳᠡᠪᠰᠢᠭᠦᠯᠭᠦ ᠶᠢᠨ ᠬᠠᠮᠲᠤ ᠪᠠᠴᠠᠭ ᠪᠠᠷᠢᠬᠤ ᠰᠠᠷ᠎ᠠ ᠶᠢᠨ ᠮᠡᠨᠳᠦᠴᠢᠯᠡᠯ ᠳᠡᠪᠰᠢᠭᠦᠯᠪᠡ ᠃ ᠰᠢ ᠶᠢᠨ ᠫᠢᠩ ᠂ ᠣᠳᠣᠬᠠᠨ ᠳᠤ ᠳᠤᠮᠳᠠᠳᠤ ᠰᠠᠦ᠋ᠳᠢ ᠠᠷᠠᠪ ᠤᠨ ᠬᠠᠷᠢᠯᠴᠠᠭ᠎ᠠ ᠲᠡᠦᠬᠡ ᠶᠢᠨ ᠬᠠᠮᠤᠭ ᠤᠨ ᠴᠠᠭ ᠦᠶ᠎ᠡ ᠳᠤ ᠣᠷᠣᠰᠢᠵᠤ ᠪᠠᠶᠢᠨ᠎ᠠ ᠃ ᠨᠢᠳᠤᠨᠤᠨ ᠵᠢᠯ ᠤᠨ ᠰᠡᠭᠦᠯᠴᠢ ᠪᠠᠷ ᠂ ᠪᠢ ᠰᠠᠦ᠋ᠳᠢ ᠠᠷᠠᠪ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠂ ᠪᠢᠳᠠ ᠷᠢᠶᠠᠳ᠋ ᠲᠤ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠦᠭᠦᠴᠦᠳ ᠤᠨ ᠬᠤᠷᠠᠯ ᠂ ᠳᠤᠮᠳᠠᠳᠤ ᠤᠯᠤᠰ — ᠳᠠᠯᠠᠢ ᠶᠢᠨ ᠪᠤᠯᠤᠩ ᠤᠨ ᠠᠷᠠᠪ ᠤᠨ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ ᠢ ᠠᠮᠵᠢᠯᠲᠠ ᠲᠠᠢ ᠡᠷᠭᠢᠯᠡᠵᠦ ᠂ ᠳᠤᠮᠳᠠᠳᠤ ᠰᠠᠦ᠋ᠳᠢ ᠠᠷᠠᠪ ᠤᠨ ᠬᠠᠷᠢᠯᠴᠠᠭ᠎ᠠ ᠶᠢᠨ ᠬᠥᠭᠵᠢᠯᠲᠡ ᠶᠢ ᠬᠦᠴᠦᠲᠡᠢ ᠠᠬᠢᠭᠤᠯᠵᠤ ᠂ ᠳᠤᠮᠳᠠᠳᠤ ᠤᠯᠤᠰ ᠪᠣᠯᠣᠨ ᠳᠠᠯᠠᠢ ᠶᠢᠨ ᠪᠤᠯᠤᠩ ᠤᠨ ᠠᠷᠠᠪ ᠤᠨ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠬᠢᠭᠡᠳ ᠠᠷᠠᠪ ᠤᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠵᠤ ᠂ ᠳᠤᠮᠳᠠᠳᠤ ᠳᠣᠷᠣᠨᠠᠲᠤ ᠣᠷᠣᠨ ᠤ ᠪᠠᠶᠢᠳᠠᠯ ᠳᠤ ᠢᠳᠡᠪᠬᠢᠲᠡᠢ ᠨᠥᠯᠥᠭᠡ ᠦᠵᠡᠭᠦᠯᠪᠡ ᠃ ᠳᠤᠮᠳᠠᠳᠤ ᠤᠯᠤᠰ ᠳᠤᠷᠠᠲᠠᠶ᠎ᠠ ᠰᠡᠦ᠋ᠳᠢ ᠠᠷᠠᠪ ᠤᠨ ᠬᠢᠨ ᠲᠠᠢ ᠬᠠᠮᠲᠤ ᠪᠠᠷ 《ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠦᠭᠦᠴᠦᠳ ᠤᠨ ᠬᠤᠷᠠᠯ ᠂ ᠳᠤᠮᠳᠠᠳᠤ ᠤᠯᠤᠰ — ᠳᠠᠯᠠᠢ ᠶᠢᠨ ᠪᠤᠯᠤᠩ ᠤᠨ ᠠᠷᠠᠪ ᠤᠨ ᠤᠯᠤᠰ ᠤᠳ ᠤᠨ ᠬᠠᠮᠲᠤᠷᠠᠯᠴᠠᠭᠠᠨ ᠤ ᠵᠥᠪᠯᠡᠯ ᠤᠨ ᠲᠦᠷᠦᠭᠦᠴᠦᠳ ᠤᠨ ᠬᠤᠷᠠᠯ ᠂ ᠰᠢ ᠶᠢᠨ ᠫᠢᠩ ᠰᠠᠦ᠋ᠳᠢ ᠠᠷᠠᠪ ᠲᠤ ᠲᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠭᠰᠡᠨ》ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ ᠂ ᠲᠣᠰ ᠲᠣᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠦᠷᠭᠦᠯᠵᠢᠯᠡᠨ ᠡᠷᠡᠰ ᠳᠡᠮᠵᠢᠵᠦ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠵᠦ ᠂ ᠳᠤᠮᠳᠠᠳᠤ ᠰᠡᠦ᠋ᠳᠢ ᠠᠷᠠᠪ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠠᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ ᠂ ᠰᠢᠨ᠎ᠡ ᠴᠠᠭ ᠦᠶ᠎ᠡ ᠳᠤ ᠬᠠᠨᠳᠤᠭᠰᠠᠨ ᠳᠤᠮᠳᠠᠳᠤ ᠠᠷᠠᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠦᠭᠦ ᠬᠦᠴᠦᠨ ᠢᠶᠠᠷ ᠢᠶᠠᠨ ᠪᠠᠶᠢᠭᠤᠯᠵᠤ ᠂ ᠳᠤᠮᠳᠠᠳᠤ ᠳᠣᠷᠣᠨᠠᠲᠤ ᠣᠷᠣᠨ ᠤ ᠡᠩᠬᠡ ᠲᠠᠶᠢᠪᠤᠩ ᠂ ᠲᠣᠭᠲᠠᠭᠤᠨ ᠂ ᠬᠥᠭᠵᠢᠯᠲᠡ ᠶᠢ ᠠᠬᠢᠭᠤᠯᠬᠤ ᠳᠤ ᠨᠠᠩ ᠣᠯᠠᠨ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠣᠶᠢᠷ᠎ᠠ ᠳᠤ ᠳᠤᠮᠳᠠᠳᠤ ᠤᠯᠤᠰ ᠂ ᠰᠠᠦ᠋ᠳᠢ ᠠᠷᠠᠪ ᠂ ᠢᠷᠠᠨ ᠤ ᠬᠠᠮᠲᠤ ᠶᠢᠨ ᠴᠢᠷᠮᠠᠶᠢᠯᠭ᠎ᠠ ᠪᠠᠷ ᠰᠠᠦ᠋ᠳᠢ ᠠᠷᠠᠪ ᠂ ᠢᠷᠠᠨ ᠤ ᠪᠡᠭᠡᠵᠢᠩ ᠳᠠᠬᠢ ᠶᠠᠷᠢᠯᠴᠠᠭ᠎ᠠ ᠠᠮᠵᠢᠯᠲᠠ ᠲᠠᠢ ᠶᠠᠪᠤᠭᠳᠠᠭᠰᠠᠨ ᠪᠥᠭᠡᠳ ᠴᠢᠬᠤᠯᠠ ᠶᠡᠭᠡ ᠦᠷ᠎ᠡ ᠪᠦᠲᠦᠭᠡᠯ ᠣᠯᠵᠤ ᠂ ᠰᠠᠦ᠋ᠳᠢ ᠠᠷᠠᠪ ᠢᠷᠡᠨ ᠬᠤᠶᠠᠷ ᠤᠯᠤᠰ ᠤᠨ ᠬᠠᠷᠢᠯᠴᠠᠭ᠎ᠠ ᠪᠠᠨ ᠰᠠᠶᠢᠵᠢᠷᠠᠭᠤᠯᠬᠤ ᠳᠤ ᠠᠰᠢᠭᠲᠠᠢ ᠪᠠᠶᠢᠵᠤ ᠂ ᠭᠠᠵᠠᠷ ᠣᠷᠣᠨ ᠤ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠴᠢᠩᠭᠠᠳᠬᠠᠬᠤ ᠂ ᠭᠠᠵᠠᠷ ᠣᠷᠣᠨ ᠤ ᠪᠠᠴᠢᠮ ᠪᠠᠶᠢᠳᠠᠯ ᠢ ᠨᠠᠮᠳᠠᠭᠤᠯᠬᠤ ᠳᠤ ᠴᠢᠬᠤᠯᠠ ᠶᠡᠭᠡ ᠵᠢᠱᠢᠶ᠎ᠡ ᠦᠵᠡᠭᠦᠯᠭᠦ ᠦᠢᠯᠡᠳᠦᠯ ᠲᠠᠢ ᠪᠠᠶᠢᠵᠤ ᠂ ᠳᠡᠯᠡᠬᠡᠢ ᠨᠡᠶᠢᠭᠡᠮ ᠤᠨ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠪᠠ ᠃ ᠣᠶᠢᠷ᠎ᠠ ᠳᠤ ᠭᠠᠵᠠᠷ ᠣᠷᠣᠨ ᠤ ᠤᠯᠤᠰ ᠤᠳ ᠤᠨ ᠬᠤᠭᠤᠷᠣᠨᠳᠣᠭᠢ ᠬᠠᠷᠢᠴᠠᠭ᠎ᠠ ᠶᠢ ᠨᠠᠮᠳᠠᠭᠤᠯᠬᠤ ᠬᠠᠨᠳᠤᠰᠢ ᠢᠯᠡᠳᠲᠡ ᠴᠢᠩᠭᠠᠷᠠᠵᠤ ᠂ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠵᠥᠷᠢᠴᠡᠯ ᠵᠥᠷᠢᠯᠳᠦᠭᠡᠨ ᠢᠶᠠᠨ ᠰᠢᠢᠳᠪᠦᠷᠢᠯᠡᠬᠦ ᠨᠢ ᠠᠷᠠᠳ ᠤᠨ ᠰᠡᠳᠬᠢᠯ ᠳᠤ ᠨᠡᠶᠢᠴᠡᠵᠦ ᠂ ᠴᠠᠭ ᠦᠶ᠎ᠡ ᠶᠢᠨ ᠤᠷᠤᠰᠬᠠᠯ ᠪᠠ ᠡᠯ᠎ᠡ ᠤᠯᠤᠰ ᠤᠨ ᠠᠰᠢᠭ ᠲᠤᠰᠠ ᠳᠤ ᠨᠡᠶᠢᠴᠡᠨ᠎ᠡ ᠭᠡᠳᠡᠭ ᠢ ᠭᠦᠢᠴᠡᠳ ᠬᠠᠷᠠᠭᠤᠯᠵᠤ ᠪᠠᠶᠢᠨ᠎ᠠ ᠃ ᠰᠠᠦ᠋ᠳᠢ ᠠᠷᠠᠪ ᠢᠷᠡᠨ ᠬᠤᠶᠠᠷ ᠲᠠᠯ᠎ᠠ ᠪᠠᠷ ᠢᠶᠠᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭᠠᠨ ᠤ ᠵᠣᠷᠢᠭ ᠰᠠᠨᠠᠭ᠎ᠠ ᠶᠢ ᠪᠠᠷᠢᠮᠲᠠᠯᠠᠵᠤ ᠂ ᠪᠡᠭᠡᠵᠢᠩ ᠳᠠᠬᠢ ᠶᠠᠷᠢᠯᠴᠠᠭᠠᠨ ᠤ ᠦᠷ᠎ᠡ ᠪᠦᠲᠦᠭᠡᠯ ᠤᠨ ᠰᠠᠭᠤᠷᠢᠨ ᠳᠡᠭᠡᠷ᠎ᠡ ᠬᠠᠷᠢᠯᠴᠠᠭ᠎ᠠ ᠪᠠᠨ ᠲᠠᠰᠤᠷᠠᠯᠳᠠ ᠦᠭᠡᠢ ᠰᠠᠶᠢᠵᠢᠷᠠᠭᠤᠯᠬᠤ ᠶᠢ ᠬᠦᠰᠡᠵᠦ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠰᠡᠦ᠋ᠳᠢ ᠠᠷᠠᠪ ᠢᠷᠡᠨ ᠤ ᠶᠠᠷᠢᠯᠴᠠᠭᠠᠨ ᠤ ᠲᠠᠷᠠᠭᠠᠴᠢ ᠶᠢᠨ ᠠᠬᠢᠴᠠ ᠶᠢ ᠦᠷᠭᠦᠯᠵᠢᠯᠡᠨ ᠳᠡᠮᠵᠢᠨ᠎ᠡ ᠭᠡᠵᠦ ᠵᠢᠭᠠᠵᠤ ᠭᠠᠷᠭᠠᠪᠠ ᠃
ᠤᠯᠤᠰ ᠤᠨ ᠸᠠᠩ ᠰᠠᠯᠧᠮᠠᠨ ᠤ ᠰᠢ ᠶᠢᠨ ᠫᠢᠩ ᠳᠤ ᠮᠡᠨᠳᠦᠴᠢᠯᠡᠯ ᠬᠦᠷᠭᠡᠵᠦ ᠪᠠᠶᠢᠬᠤ ᠶᠢ ᠮᠦᠬᠠᠨᠮᠦ᠋ᠳ᠋ ᠳᠠᠮᠵᠢᠭᠤᠯᠵᠤ ᠂ ᠰᠢ ᠶᠢᠨ ᠫᠢᠩ ᠤᠨ ᠤᠯᠤᠰ ᠤᠨ ᠲᠡᠷᠢᠭᠦᠯᠡᠭᠴᠢ ᠶᠢᠨ ᠲᠤᠰᠢᠶᠠᠯ ᠳᠤ ᠦᠷᠭᠦᠯᠵᠢᠯᠡᠨ ᠰᠣᠩᠭᠤᠭᠳᠠᠭᠰᠠᠨ ᠳᠤ ᠳᠠᠬᠢᠨᠲᠠ ᠬᠠᠯᠠᠭᠤᠨ ᠪᠠᠶᠠᠷ ᠬᠦᠷᠭᠡᠪᠡ ᠃ ᠮᠦᠬᠠᠨᠮᠦ᠋ᠳ᠋ ᠂ ᠰᠠᠦ᠋ᠳᠢ ᠠᠷᠠᠪ ᠤᠨ ᠬᠢᠨ ᠳᠤᠮᠳᠠᠳᠤ ᠶᠢᠨ ᠲᠠᠯ᠎ᠠ ᠶᠢᠨ ᠬᠢᠨ ᠤ ᠰᠠᠦ᠋ᠳᠢ ᠠᠷᠠᠪ ᠪᠣᠯᠣᠨ ᠢᠷᠠᠨ ᠤ ᠬᠠᠷᠢᠯᠴᠠᠭ᠎ᠠ ᠪᠠᠨ ᠰᠠᠶᠢᠵᠢᠷᠠᠭᠤᠯᠬᠤ ᠶᠢ ᠶᠡᠭᠡ ᠪᠠᠷ ᠳᠡᠮᠵᠢᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠂ ᠡᠨᠡ ᠨᠢ ᠳᠤᠮᠳᠠᠳᠤ ᠤᠯᠤᠰ ᠤᠨ ᠬᠠᠷᠢᠭᠤᠴᠠᠯᠭ᠎ᠠ ᠲᠠᠢ ᠲᠣᠮᠣ ᠤᠯᠤᠰ ᠤᠨ ᠦᠢᠯᠡᠳᠦᠯ ᠢ ᠪᠠᠳᠠᠷᠠᠭᠤᠯᠵᠤ ᠪᠠᠶᠢᠭ᠎ᠠ ᠶᠢ ᠭᠦᠢᠴᠡᠳ ᠢᠯᠡᠷᠡᠭᠦᠯᠪᠡ ᠃ ᠳᠤᠮᠳᠠᠳᠤ ᠤᠯᠤᠰ ᠭᠠᠵᠠᠷ ᠣᠷᠣᠨ ᠪᠣᠯᠣᠨ ᠳᠡᠯᠡᠬᠡᠢ ᠶᠢᠨ ᠬᠡᠷᠡᠭ ᠶᠠᠪᠤᠳᠠᠯ ᠳᠤ ᠡᠳᠦᠷ ᠢᠷᠡᠬᠦᠶ᠎ᠡ ᠴᠢᠬᠤᠯᠠ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠵᠦ ᠪᠠᠶᠢᠨ᠎ᠠ ᠂ ᠰᠠᠦ᠋ᠳᠢ ᠠᠷᠠᠪ ᠤᠨ ᠬᠢᠨ ᠡᠭᠦᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ᠃ ᠳᠤᠮᠳᠠᠳᠤ ᠤᠯᠤᠰ ᠪᠣᠯ ᠰᠠᠦ᠋ᠳᠢ ᠠᠷᠠᠪ ᠤᠨ ᠴᠢᠬᠤᠯᠠ ᠬᠠᠮᠲᠤᠷᠠᠯᠴᠠᠭᠠᠨ ᠤ ᠬᠠᠨᠢᠲᠠᠨ ᠮᠥᠨ ᠃ ᠰᠠᠦ᠋ᠳᠢ ᠠᠷᠠᠪ ᠤᠨ ᠬᠢᠨ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ ᠂ ᠬᠤᠶᠠᠷ ᠤᠯᠤᠰ ᠤᠨ ᠬᠠᠮᠲᠤᠷᠠᠯᠴᠠᠭᠠᠨ ᠤ ᠰᠢᠨ᠎ᠡ ᠢᠷᠡᠭᠡᠳᠦᠢ ᠶᠢ ᠨᠡᠭᠡᠭᠡᠨ᠎ᠡ ᠭᠡᠵᠦ ᠢᠯᠡᠳᠬᠡᠪᠡ ᠃