ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
︽ᠰᠢ ᠶᠢᠨ ᠫᠢᠩ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠬᠡᠪᠯᠡᠨ ᠲᠠᠷᠬᠠᠭᠠᠪᠠ
ᠨᠠᠮ ᠤᠨ ᠲᠥᠪ ᠬᠤᠷᠢᠶ᠎ᠠ ᠶᠢᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠠᠶᠢᠷᠠᠭᠤᠯᠤᠭᠰᠠᠨ《ᠰᠢ ᠶᠢᠨ ᠫᠢᠩ ᠤᠨ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠤᠬᠠᠢ ᠥᠭᠦᠯᠡᠯᠲᠡ ᠶᠢᠨ ᠲᠡᠭᠦᠪᠦᠷᠢ》ᠭᠡᠬᠦ ᠨᠣᠮ ᠢ ᠣᠶᠢᠷ᠎ᠠ ᠳᠤ ᠲᠥᠪ ᠤᠨ ᠲᠤᠯᠭᠤᠷ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠂ ᠪᠦᠭᠦ ᠤᠯᠤᠰ ᠲᠤ ᠲᠠᠷᠬᠠᠭᠠᠪᠠ ᠃
ᠠᠮᠤ ᠪᠤᠳᠠᠭᠠᠨ ᠤ ᠠᠮᠤᠷ ᠲᠦᠪᠰᠢᠨ ᠪᠣᠯ 《ᠤᠯᠤᠰ ᠤᠨ ᠶᠡᠭᠡ ᠶᠠᠪᠤᠳᠠᠯ》ᠮᠥᠨ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠠᠷᠪᠠᠨ ᠬᠡᠳᠦᠨ ᠳ᠋ᠦᠩᠰᠢᠭᠤᠷ ᠬᠥᠮᠥᠨ ᠠᠮᠠ ᠶᠢᠨ ᠠᠮᠤ ᠬᠦᠨᠡᠰᠦᠨ ᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠢᠮᠠᠭᠲᠠ ᠲᠥᠷᠥ ᠶᠢ ᠵᠠᠰᠠᠵᠤ ᠵᠠᠰᠠᠭ ᠢ ᠡᠷᠭᠢᠯᠡᠭᠦ ᠶᠢᠨ ᠲᠡᠷᠢᠭᠦᠨ ᠴᠢᠬᠤᠯᠠ ᠶᠠᠪᠤᠳᠠᠯ ᠪᠤᠯᠭᠠᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ ᠂ ᠲᠠᠷᠢᠶᠠᠨ ᠭᠠᠵᠠᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠵᠤ ᠂ ᠮᠡᠷᠭᠡᠵᠢᠯ ᠢᠶᠠᠷ ᠠᠮᠤ ᠪᠤᠳᠠᠭᠠᠨ ᠤ ᠤᠨᠠᠯᠳᠠ ᠶᠢ ᠨᠡᠮᠡᠭᠳᠡᠭᠦᠯᠬᠦ ᠶᠢ ᠪᠠᠷᠢᠮᠲᠠᠯᠠᠵᠤ ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠂ ᠦᠷ᠎ᠡ ᠶᠢᠨ ᠡᠬᠢ ᠰᠤᠷᠪᠤᠯᠵᠢ ᠶᠢᠨ ᠪᠡᠶ᠎ᠡ ᠪᠠᠨ ᠳᠠᠭᠠᠭᠠᠵᠤ ᠡᠵᠡᠮᠳᠡᠵᠦ ᠪᠤᠯᠬᠤ ᠶᠢ ᠠᠬᠢᠭᠤᠯᠵᠤ ᠂ ᠮᠠᠨ ᠤ ᠤᠯᠤᠰ ᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠠᠮᠤ ᠪᠤᠳᠠᠭᠠᠨ ᠤ ᠶᠡᠷᠦᠩᠬᠡᠢ ᠤᠨᠠᠯᠳᠠ ᠳᠡᠯᠡᠬᠡᠢ ᠶᠢᠨ ᠲᠡᠷᠢᠭᠦᠨ ᠳᠤ ᠣᠷᠣᠬᠤ ᠶᠢ ᠪᠠᠲᠤᠯᠠᠵᠤ ᠂ ᠠᠷᠪᠠᠨ ᠲᠦᠷᠪᠡᠨ ᠳ᠋ᠦᠩᠰᠢᠭᠤᠷ ᠭᠠᠷᠤᠢ ᠬᠥᠮᠥᠨ ᠤ ᠠᠮᠤ ᠪᠤᠳᠠᠭᠠᠨ ᠤ ᠠᠮᠤᠷ ᠲᠦᠪᠰᠢᠨ ᠢ ᠪᠦᠲᠦᠮᠵᠢᠲᠡᠢ ᠪᠠᠲᠤᠯᠠᠪᠠ ᠃ ᠰᠢ ᠶᠢᠨ ᠫᠢᠩ ᠨᠥᠬᠦᠷ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠲᠣᠭᠤᠷᠢᠨ ᠳᠤ ᠠᠯᠢ ᠣᠯᠠᠨ ᠴᠢᠬᠤᠯᠠ ᠥᠭᠦᠯᠡᠯᠲᠡ ᠨᠡᠶᠢᠲᠡᠯᠡᠵᠦ ᠂ ᠤᠳᠬ᠎ᠠ ᠰᠠᠨᠠᠭ᠎ᠠ ᠠᠯᠤᠰ ᠭᠡᠲᠦ ᠶᠢᠨ ᠂ ᠠᠭᠤᠯᠤᠭᠳᠠᠬᠤᠨ ᠡᠯᠪᠡᠭ ᠪᠠᠶᠠᠯᠢᠭ ᠂ ᠦᠵᠡᠯ ᠰᠠᠨᠠᠭ᠎ᠠ ᠭᠦᠨ ᠭᠦᠨᠵᠡᠭᠡᠢ ᠪᠠᠶᠢᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠂ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠬᠦ ᠂ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠳᠤᠮᠳᠠᠳᠤᠴᠤᠳ ᠪᠤᠳᠠᠭᠠᠨ ᠠᠶᠠᠭ᠎ᠠ ᠪᠠᠨ ᠥᠪᠡᠷ ᠤᠨ ᠭᠠᠷ ᠲᠠᠭᠠᠨ ᠴᠢᠩᠭ᠎ᠠ ᠠᠳᠬᠤᠬᠤ ᠶᠢ ᠪᠠᠲᠤᠯᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠃
《ᠥᠭᠦᠯᠡᠯᠲᠡ ᠶᠢᠨ ᠲᠡᠭᠦᠪᠦᠷᠢ 》 ᠨᠢ 8 ᠲᠤᠰᠬᠠᠢ ᠰᠡᠳᠦᠪ ᠬᠤᠪᠢᠶᠠᠵᠤ ᠂ ᠨᠡᠶᠢᠳᠡ 240 ᠬᠡᠰᠡᠭ ᠥᠭᠦᠯᠡᠯᠲᠡ ᠪᠠᠶᠢᠵᠤ ᠂ ᠰᠢ ᠶᠢᠨ ᠫᠢᠩ ᠨᠥᠬᠦᠷ ᠤᠨ 2012 ᠣᠨ ᠤ 12 ᠳ᠋ᠤᠭᠠᠷ ᠰᠠᠷ᠎ᠠ ᠶᠢᠨ 15 ᠤ ᠡᠳᠦᠷ ᠠᠴᠠ 2022 ᠣᠨ ᠤ 12 ᠳ᠋ᠤᠭᠠᠷ ᠰᠠᠷ᠎ᠠ ᠶᠢᠨ 23 ᠤ ᠡᠳᠦᠷ ᠪᠤᠯᠲᠠᠯᠠᠭᠢ ᠬᠤᠭᠤᠴᠠᠭᠠᠨ ᠳᠠᠬᠢ ᠮᠡᠳᠡᠭᠦᠯᠦᠯᠲᠡ ᠂ ᠶᠠᠷᠢᠶ᠎ᠠ ᠂ ᠶᠠᠷᠢᠶ᠎ᠠ ᠢᠯᠡᠳᠬᠡᠯ ᠂ ᠶᠠᠷᠢᠯᠴᠠᠭ᠎ᠠ ᠂ ᠪᠠᠶᠠᠷ ᠤᠨ ᠵᠠᠬᠢᠳᠠᠯ ᠂ ᠵᠢᠭᠠᠪᠤᠷᠢ ᠂ ᠴᠣᠬᠤᠯᠠᠪᠤᠷᠢ ᠵᠡᠷᠭᠡ 80 ᠭᠠᠷᠤᠢ ᠴᠢᠬᠤᠯᠠ ᠲᠤᠯᠭᠤᠷ ᠪᠢᠴᠢᠭ ᠠᠴᠠ ᠰᠣᠩᠭᠤᠨ ᠠᠪᠤᠪᠠ ᠃ ᠡᠭᠦᠨ ᠳᠤ ᠬᠡᠰᠡᠭ ᠥᠭᠦᠯᠡᠯᠲᠡ ᠶᠢ ᠨᠢ ᠠᠩᠬ᠎ᠠ ᠤᠳᠠᠭ᠎ᠠ ᠢᠯᠡ ᠪᠠᠷ ᠨᠡᠶᠢᠲᠡᠯᠡᠵᠦ ᠪᠠᠶᠢᠨ᠎ᠠ ᠃