ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠢ ᠶᠢᠨ ᠫᠢᠩ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2023 ᠣᠨ ᠤ ᠣᠨ ᠤ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ
2023 3 ᠰᠠᠷ᠎ᠠ ᠶᠢᠨ 26 ᠤ ᠡᠳᠦᠷ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2023 ᠣᠨ ᠤ ᠣᠨ ᠤ ᠬᠤᠷᠠᠯ ᠳᠤ ᠪᠠᠶᠠᠷ ᠤᠨ ᠵᠠᠬᠢᠳᠠᠯ ᠢᠯᠡᠭᠡᠪᠡ ᠃
ᠰᠢ ᠶᠢᠨ ᠫᠢᠩ ᠂ ᠣᠳᠣᠬᠠᠨ ᠳᠤ ᠂ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠳᠴᠦ ᠂ ᠬᠡᠰᠡᠭ ᠲᠠᠯ᠎ᠠ ᠶᠢᠨ ᠮᠥᠷᠭᠦᠯᠳᠦᠭᠡᠨ ᠪᠣᠯᠣᠨ ᠦᠢᠮᠡᠭᠡᠨ ᠳᠡᠪᠵᠢᠶᠡᠨ ᠣᠯᠠᠰᠢᠷᠠᠵᠤ ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠶᠢᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠨ᠎ᠠ᠃ ᠰᠡᠷᠭᠦᠯᠲᠡ ᠶᠢ ᠠᠬᠢᠭᠤᠯᠬᠤ ᠳᠤ ᠬᠠᠮᠲᠤ ᠶᠢᠨ ᠲᠠᠨᠢᠯᠲᠠ ᠪᠠ ᠬᠠᠮᠲᠤᠷᠠᠯᠴᠠᠭ᠎ᠠ ᠬᠡᠷᠡᠭᠰᠡᠨ᠎ᠡ ᠃ ᠳᠤᠮᠳᠠᠳᠤ ᠤᠯᠤᠰ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ ᠂ ᠳᠡᠯᠡᠬᠡᠢ ᠨᠡᠶᠢᠭᠡᠮ ᠤᠨ ᠥᠷᠭᠡᠨ ᠳᠡᠯᠭᠡᠷ ᠳᠡᠮᠵᠢᠯᠭᠡ ᠪᠠ ᠢᠳᠡᠪᠬᠢᠲᠡᠢ ᠬᠦᠷᠢᠶᠡᠯᠡᠯ ᠢ ᠣᠯᠪᠠ ᠃ ᠳᠤᠮᠳᠠᠳᠤ ᠤᠯᠤᠰ ᠭᠠᠳᠠᠭᠠᠳᠤ ᠨᠡᠭᠡᠭᠡᠯᠲᠡ ᠬᠢᠬᠦ ᠤᠯᠤᠰ ᠤᠨ ᠦᠨᠳᠦᠰᠦᠨ ᠪᠣᠳᠣᠯᠭ᠎ᠠ ᠶᠢ ᠪᠠᠷᠢᠮᠲᠠᠯᠠᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠳᠠᠰᠤᠷᠠᠯᠳᠠ ᠦᠭᠡᠢ ᠰᠢᠨ᠎ᠡ ᠠᠵᠠ ᠲᠣᠭᠢᠶᠠᠯ ᠬᠠᠩᠭᠠᠨ᠎ᠠ᠃ ᠳᠤᠮᠳᠠᠳᠤ ᠤᠯᠤᠰ ᠳᠦᠷᠢᠮ ᠲᠣᠭᠲᠠᠭᠠᠯ ᠂ ᠳᠦᠷᠢᠮ ᠂ ᠬᠠᠮᠢᠶᠠᠷᠤᠯᠲᠠ ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠲᠣᠭᠲᠠᠭᠤᠨ ᠢᠶᠠᠷ ᠥᠷᠭᠡᠳᠬᠡᠵᠦ ᠂ ᠡᠯ᠎ᠡ ᠤᠯᠤᠰ ᠡᠯ᠎ᠡ ᠲᠠᠯ᠎ᠠ ᠶᠢᠨ ᠬᠢᠨ ᠤ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃
ᠳᠤᠮᠳᠠᠳᠤ ᠤᠯᠤᠰ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠶᠠᠨ ᠤ ᠲᠠᠪᠴᠠᠩ ᠤᠨ 2023 ᠣᠨ ᠤ ᠣᠨ ᠤ ᠬᠤᠷᠠᠯ ᠲᠤᠰ ᠡᠳᠦᠷ ᠪᠡᠭᠡᠵᠢᠩ ᠳᠤ ᠡᠬᠢᠯᠡᠵᠦ ᠂ 《ᠠᠵᠤ ᠠᠬᠤᠢ ᠶᠢᠨ ᠰᠡᠷᠭᠦᠯᠲᠡ ᠄ ᠠᠵᠠ ᠲᠣᠭᠢᠶᠠᠯ ᠪᠣᠯᠣᠨ ᠬᠠᠮᠲᠤᠷᠠᠯᠴᠠᠭ᠎ᠠ》 ᠪᠠᠷ ᠭᠤᠣᠯ ᠰᠡᠳᠦᠪ ᠪᠤᠯᠭᠠᠵᠤ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠥᠭᠵᠢᠯᠲᠡ ᠶᠢᠨ ᠰᠤᠳᠤᠯᠭᠠᠨ ᠤ ᠲᠥᠪ ᠠᠴᠠ ᠭᠤᠣᠯᠯᠠᠨ ᠡᠷᠭᠢᠯᠡᠪᠡ ᠃