ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠦᠨ ᠱᠤᠤ ᠴᠧᠩ ᠬᠠᠳᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠶᠡᠭᠡ ᠬᠠᠮᠠᠭᠠᠯᠠᠯᠲᠠ ᠶᠡᠭᠡ ᠵᠠᠰᠠᠯᠲᠠ ᠶᠢᠨ ᠪᠠᠶᠢᠳᠠᠯ ᠢ︽ᠡᠬᠢᠨ︾ ᠠᠴᠠ ᠨᠢ︽ᠠᠳᠠᠭ︾ᠲᠤᠨᠢ ᠲᠤᠯᠲᠠᠯ᠎ᠠ ᠰᠢᠨᠵᠢᠯᠡᠨ ᠪᠠᠶᠢᠴᠠᠭᠠᠪᠠ
2023 3 ᠰᠠᠷ᠎ᠠ ᠶᠢᠨ 20 — 25 ᠤ ᠡᠳᠦᠷ ᠂ 《ᠳᠡᠯᠡᠬᠡᠢ ᠶᠢᠨ ᠤᠰᠤᠨ ᠤ ᠡᠳᠦᠷ》ᠪᠣᠯᠣᠨ《ᠳᠤᠮᠳᠠᠳᠤ ᠤᠯᠤᠰ ᠤᠨ ᠤᠰᠤᠨ ᠤ ᠭᠠᠷᠠᠭ》ᠬᠦᠷᠴᠦ ᠢᠷᠡᠬᠦ ᠲᠠᠰᠢᠷᠠᠮ ᠢᠶᠠᠷ ᠂ ᠰᠦᠨ ᠱᠤᠤ ᠴᠧᠩ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠤᠷᠤᠰᠤᠨ ᠣᠷᠣᠵᠤ ᠢᠷᠡᠬᠦ ᠬᠠᠶᠢᠨᠠᠨ ᠲᠣᠭᠤᠷᠢᠭ ᠤᠨ ᠲᠣᠰᠣᠲᠤ ᠭᠤᠣᠯ ᠠᠴᠠ ᠮᠣᠷᠳᠠᠵᠤ ᠂ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠤᠷᠤᠰᠴᠤ ᠭᠠᠷᠬᠤ ᠵᠠᠮ ᠤᠨ ᠵᠡᠭᠦᠨᠭᠠᠷ ᠬᠤᠰᠢᠭᠤᠨ ᠤ ᠯᠦᠩᠺᠸᠦ ᠪᠠᠯᠭᠠᠰᠤ ᠶᠢᠨ ᠥᠪᠥᠷ ᠮᠣᠩᠭᠤᠯ ᠱᠠᠨ ᠰᠢ ᠱᠠᠨᠰᠢ ᠭᠤᠷᠪᠠᠨ ᠮᠤᠵᠢ ᠣᠷᠣᠨ ᠤ ᠠᠭᠤᠯᠵᠠᠷ ᠲᠤ ᠬᠦᠷᠴᠦ ᠂ ᠵᠡᠭᠦᠨ ᠪᠠᠷᠠᠭᠤᠨ ᠡᠷᠭᠢ ᠶᠢᠨ 5 ᠬᠤᠲᠠ ᠶᠢᠨ 10 ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ ᠂ ᠶᠠᠷᠢᠯᠴᠠᠬᠤ ᠬᠤᠷᠠᠯ ᠬᠢᠬᠦ ᠦᠭᠡᠢ ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠭᠡᠢ ᠪᠠᠷ ᠲᠤᠬᠠᠢ ᠶᠢᠨ ᠭᠠᠵᠠᠷ ᠲᠤᠨᠢ ᠠᠮᠢ ᠠᠬᠤᠢ ᠶᠢ ᠪᠠᠶᠢᠴᠠᠭᠠᠵᠤ ᠂ ᠤᠰᠤ ᠠᠷᠪᠢᠯᠠᠬᠤ ᠶᠢ ᠦᠵᠡᠵᠦ ᠂ ᠲᠠᠷᠢᠶᠠᠯᠠᠬᠤ ᠡᠷᠦᠭᠡ ᠪᠠᠷ ᠠᠶᠢᠯᠴᠢᠯᠠᠨ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ ᠃
3 ᠰᠠᠷ᠎ᠠ ᠶᠢᠨ 31 ᠤ ᠡᠳᠥᠷ ᠦᠨ ᠦᠳᠡ ᠶᠢᠨ ᠡᠮᠦᠨ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠦᠬᠠᠢ ᠬᠤᠳᠠ ᠶᠢᠨ ᠬᠠᠶᠢᠨᠠᠨ ᠲᠣᠭᠤᠷᠢᠭ ᠤᠨ ᠪᠠᠶᠠᠨᠲᠤᠬᠤᠢ ᠪᠠᠯᠭᠠᠰᠤᠨ ᠳᠤ ᠬᠠᠳᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ ᠃
ᠰᠦᠨ ᠱᠤᠤ ᠴᠧᠩ ᠵᠠᠮ ᠳᠠᠭᠠᠤ ᠬᠠᠲᠤᠨ ᠭᠤᠣᠯ ᠤᠨ ᠡᠷᠭᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠬᠥᠨᠳᠡᠢ ᠂ ᠭᠤᠣᠯ ᠤᠨ ᠬᠡᠪᠡᠯᠢ ᠂ ᠵᠢᠵᠢᠭ ᠰᠠᠪᠠ ᠭᠠᠵᠠᠷ ᠤᠨ ᠵᠠᠰᠠᠯᠲᠠ ᠵᠢᠴᠢ ᠰᠦᠩ ᠬᠠᠯᠢᠶ᠎ᠠ ᠦᠶᠡᠷ ᠢ ᠰᠡᠷᠭᠡᠶᠢᠯᠡᠬᠦ ᠂ ᠤᠰᠤᠨ ᠵᠦᠢ ᠶᠢᠨ ᠬᠢᠨᠠᠨ ᠡᠵᠡᠮᠳᠡᠯ ᠵᠡᠷᠭᠡ ᠠᠵᠢᠯ ᠢ ᠰᠢᠨᠵᠢᠯᠡᠨ ᠪᠠᠶᠢᠴᠠᠭᠠᠪᠠ ᠃ ᠲᠡᠷᠡ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠮᠥᠨ ᠂ ᠪᠢᠳᠡ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠶᠡᠭᠡ ᠬᠠᠮᠠᠭᠠᠯᠠᠯᠲᠠ ᠶᠢ ᠬᠠᠮᠲᠤ ᠪᠠᠷ ᠰᠠᠶᠢᠲᠤᠷ ᠠᠳᠬᠤᠵᠤ ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠬᠤ ᠂ ᠬᠠᠲᠤᠨ ᠭᠤᠣᠯ ᠤᠨ ᠥᠨᠢ ᠤᠳᠠᠭᠠᠨ ᠠᠮᠤᠷ ᠲᠣᠭᠲᠠᠭᠤᠨ ᠢ ᠪᠠᠲᠤᠯᠠᠬᠤ ᠂ ᠰᠠᠪᠠ ᠭᠠᠵᠠᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠠᠷᠠᠳ ᠣᠯᠠᠨ ᠤ ᠠᠮᠢᠳᠤᠷᠠᠯ ᠢ ᠰᠠᠶᠢᠵᠢᠷᠠᠭᠤᠯᠬᠤ ᠂ ᠬᠠᠲᠤᠨ ᠭᠤᠣᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠬᠠᠲᠤᠨ ᠭᠤᠣᠯ ᠢ ᠠᠷᠠᠳ ᠲᠦᠮᠡᠨ ᠳᠤ ᠪᠤᠶᠠᠨ ᠦᠶᠯᠡᠳᠭᠦ ᠵᠣᠯ ᠵᠢᠷᠭᠠᠯ ᠤᠨ ᠭᠤᠣᠯ ᠪᠤᠯᠭᠠᠬᠤ ᠬᠡᠷᠡᠭᠲᠡᠢ ᠃ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠨ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠂ ᠲᠠᠩ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ ᠂ ᠬᠠᠲᠤᠨ ᠭᠤᠣᠯ ᠤᠨ ᠡᠷᠭᠢ ᠳᠠᠭᠠᠤ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠃ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ ᠂ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ ᠂ ᠰᠠᠶᠢᠨ ᠦᠷ᠎ᠡ ᠪᠦᠲᠦᠮᠵᠢ ᠣᠯᠣᠭᠰᠠᠨ ᠪᠠᠶᠢᠪᠠᠯ ᠂ ᠵᠣᠬᠢᠰᠲᠠᠢ ᠠᠷᠭ᠎ᠠ ᠭᠡᠯᠪᠡᠷᠢ ᠪᠠᠷ ᠱᠠᠩᠨᠠᠬᠤ ᠬᠡᠷᠡᠭᠲᠡᠢ ᠭᠡᠵᠦ ᠬᠡᠯᠡᠪᠡ ᠃ ᠬᠥᠪᠴᠢ ᠶᠢᠨ ᠡᠯᠡᠰᠦ ᠶᠢᠨ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠪᠦᠰᠡ ᠶᠢᠨ ᠵᠠᠰᠠᠯᠲᠠ ᠂ ᠤᠯᠠᠭᠠᠨᠰᠤᠬᠠᠢ ᠶᠢᠨ ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠬᠤ ᠳᠠᠭᠠᠨ ᠂ ᠰᠦᠨ ᠱᠤᠤ ᠴᠧᠩ ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠬᠥᠷᠥᠰᠥ ᠰᠢᠷᠣᠢ ᠶᠢᠨ ᠬᠠᠮᠠᠭᠠᠯᠠᠯᠲᠠ ᠶᠢ ᠰᠠᠶᠢᠲᠤᠷ ᠠᠳᠬᠤᠵᠤ ᠂ ᠡᠯ᠎ᠡ ᠲᠦᠷᠦᠯ ᠤᠨ ᠪᠣᠬᠢᠷᠳᠤᠯ ᠢᠯᠠᠩᠭᠤᠶ᠎ᠠ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠪᠦᠲᠦᠮᠵᠢᠲᠡᠢ ᠰᠡᠷᠭᠡᠶᠢᠯᠡᠨ ᠵᠠᠰᠠᠵᠤ ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ ᠃ ᠴᠦᠯᠯᠡᠷᠭᠡᠭᠵᠢᠭᠰᠡᠨ ᠭᠠᠵᠠᠷ ᠣᠷᠣᠨ ᠳᠤ ᠪᠤᠷᠭᠠᠰᠤ ᠂ ᠨᠠᠶᠢᠯᠵᠠᠭᠤᠷ ᠵᠡᠷᠭᠡ ᠲᠠᠷᠢᠮᠠᠯ ᠢ ᠶᠡᠭᠡ ᠪᠠᠷ ᠳᠡᠯᠭᠡᠷᠡᠭᠦᠯᠵᠦ ᠂ ᠠᠮᠢ ᠠᠬᠤᠢ ᠶᠢᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ ᠃
ᠰᠦᠨ ᠱᠤᠤ ᠴᠧᠩ ᠬᠠᠳᠤᠨ ᠭᠤᠣᠯ ᠤᠨ ᠰᠠᠪᠠ ᠭᠠᠵᠠᠷ ᠤᠨ ᠤᠰᠤ ᠠᠷᠪᠢᠯᠠᠬᠤ ᠪᠠᠶᠢᠳᠠᠯ ᠢ ᠮᠠᠰᠢ ᠠᠩᠬᠠᠷᠴᠤ ᠪᠠᠶᠢᠯ᠎ᠠ ᠃ ᠲᠡᠷᠡ ᠲᠠᠷᠢᠶᠠᠨ ᠭᠠᠵᠠᠷ ᠂ ᠤᠰᠤ ᠴᠡᠪᠡᠷᠰᠢᠭᠦᠯᠬᠦ ᠲᠠᠰᠤᠭ ᠲᠤ ᠬᠦᠷᠴᠦ ᠂ ᠲᠣᠰᠬᠤᠨ ᠬᠤᠷᠰᠢᠶ᠎ᠠ ᠶᠢᠨ ᠬᠠᠷᠢᠭᠤᠴᠠᠯᠭᠠᠲᠠᠨ ᠂ ᠲᠠᠷᠢᠶᠠᠴᠢᠨ ᠂ ᠳᠠᠭᠠᠵᠤ ᠶᠠᠪᠤᠭ᠎ᠠ ᠠᠵᠢᠯᠲᠠᠨ ᠂ ᠦᠨᠳᠦᠰᠦᠨ ᠱᠠᠲᠤᠨ ᠤ ᠺᠠᠳ᠋ᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠤᠰᠤ ᠠᠷᠪᠢᠯᠠᠬᠤ ᠰᠠᠶᠢᠨ ᠂ ᠰᠠᠶᠢᠨ ᠠᠷᠭ᠎ᠠ ᠶᠢ ᠰᠤᠳᠤᠯᠤᠨ ᠶᠠᠷᠢᠯᠴᠠᠪᠠ ᠃ ᠲᠡᠷᠡ ᠂ ᠥᠪᠥᠷ ᠮᠣᠩᠭᠤᠯ ᠪᠣᠯ ᠤᠰᠤ ᠬᠦᠨᠳᠦ ᠨᠣᠴᠢᠲᠠᠢ ᠲᠤᠲᠠᠭᠳᠠᠵᠤ ᠪᠠᠶᠢᠭ᠎ᠠ ᠭᠠᠵᠠᠷ ᠣᠷᠣᠨ ᠮᠥᠨ ᠂ ᠤᠰᠤ ᠠᠷᠪᠢᠯᠠᠬᠤ ᠪᠠᠷᠢᠮᠵᠢᠶ᠎ᠠ ᠶᠢ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠠᠶᠢᠯᠭᠠᠵᠤ ᠂ ᠨᠢᠭᠡ ᠬᠣᠶᠠᠷ ᠭᠤᠷᠪᠠᠳᠤᠭᠠᠷ ᠠᠵᠤ ᠦᠢᠯᠡᠰ ᠂ ᠬᠤᠲᠠ ᠬᠥᠳᠡᠭᠡ ᠶᠢᠨ ᠬᠢᠨ ᠤᠰᠤ ᠶᠢ ᠪᠦᠭᠦ ᠲᠠᠯ᠎ᠠ ᠪᠠᠷ ᠠᠷᠪᠢᠯᠠᠨ ᠬᠡᠷᠡᠭᠯᠡᠵᠦ ᠂ ᠲᠤᠰᠤᠯ ᠤᠰᠤ ᠶᠢ ᠴᠤ ᠪᠦᠷᠢᠯᠭᠡᠨ ᠰᠦᠢᠳᠬᠡᠵᠦ ᠪᠤᠯᠬᠤ ᠦᠭᠡᠢ ᠃ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠳᠤ ᠵᠠᠩᠭᠢᠯᠠᠭ᠎ᠠ ᠨᠢ ᠭᠤᠷᠪᠠᠨ ᠲᠠᠯ᠎ᠠ ᠶᠢ ᠪᠡᠶᠡᠯᠡᠭᠦᠯᠬᠦ ᠬᠡᠷᠡᠭᠲᠡᠢ ᠂ ᠨᠢᠭᠡ ᠳᠤ ᠂ ᠤᠰᠤ ᠬᠡᠷᠡᠭᠯᠡᠬᠦ ᠦᠵᠡᠯᠲᠡ ᠪᠠᠨ ᠲᠦᠷᠭᠡᠳᠬᠡᠨ ᠬᠤᠪᠢᠷᠠᠭᠤᠯᠬᠤ ᠬᠡᠷᠡᠭᠲᠡᠢ ᠂ ᠬᠤᠶᠠᠷ ᠲᠤ ᠂ ᠬᠤᠯᠪᠣᠭᠳᠠᠯ ᠪᠦᠬᠦᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ ᠂ ᠭᠤᠷᠪᠠ ᠳᠤ ᠂ ᠤᠰᠤ ᠠᠷᠪᠢᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ ᠃ ᠳᠠᠩ ᠭᠠᠭᠴᠠ ᠵᠠᠰᠠᠭ ᠤᠨ ᠣᠷᠳᠣᠨ ᠤ ᠣᠷᠣᠭᠤᠯᠤᠯᠲᠠ ᠳᠤ ᠲᠦᠰᠢᠭᠯᠡᠬᠦ ᠲᠠᠨᠢᠯᠲᠠ ᠪᠠ ᠠᠷᠭ᠎ᠠ ᠬᠢᠳᠡᠯ ᠢ ᠬᠤᠪᠢᠷᠠᠭᠤᠯᠵᠤ ᠂ ᠠᠷᠭ᠎ᠠ ᠪᠦᠭᠦᠨ ᠢ ᠰᠦᠪᠡᠭᠴᠢᠯᠡᠨ ᠠᠵᠤ ᠠᠬᠤᠶᠢᠯᠠᠯ ᠂ ᠲᠠᠷᠢᠶᠠᠯᠠᠬᠤ ᠡᠷᠦᠭᠡ ᠵᠡᠷᠭᠡ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠬᠤ ᠭᠡᠷᠡᠭᠲᠡᠢ ︔ ᠲᠠᠷᠢᠶᠠᠯᠠᠩ ᠤᠨ ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ ᠂ ᠨᠢᠭᠡ ᠭᠡᠷ ᠨᠢᠭᠡ ᠡᠷᠦᠭᠡ ᠪᠠᠷ ᠣᠨᠣᠪᠴᠢᠲᠠᠢ ᠪᠠᠷ ᠰᠦᠢᠳᠬᠡᠯ ᠬᠤᠷᠢᠶᠠᠵᠤ ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠵᠣᠬᠢᠰᠲᠠᠢ ᠳᠡᠭᠡᠭᠰᠢᠯᠡᠭᠦᠯᠵᠦ ᠂ ᠢᠯᠡᠭᠦᠦ ᠬᠤᠷᠢᠶᠠᠭᠰᠠᠨ ᠤᠰᠤᠨ ᠤ ᠰᠦᠢᠳᠬᠡᠯ ᠢ ᠪᠦᠭᠦᠨ ᠢ ᠲᠠᠷᠢᠶᠠᠯᠠᠩ ᠤᠨ ᠤᠰᠤ ᠠᠷᠪᠢᠯᠠᠬᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠰᠠᠶᠢᠨ ᠣᠷᠴᠢᠯ ᠢ ᠪᠦᠷᠢᠯᠳᠦᠭᠦᠯᠬᠦ ᠭᠡᠷᠡᠭᠲᠡᠢ ︔ ᠳᠤᠰᠤᠯᠭᠠᠨ ᠤᠰᠤᠯᠠᠬᠤ ᠰᠦᠷᠴᠢᠨ ᠤᠰᠤᠯᠠᠬᠤ ᠵᠡᠷᠭᠡ ᠤᠰᠤᠯᠠᠯᠲᠠ ᠶᠢᠨ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ ᠂ ᠪᠣᠬᠢᠷ ᠤᠰᠤ ᠶᠢ ᠴᠤᠭᠯᠠᠭᠤᠯᠬᠤ ᠂ ᠳᠤᠮᠳᠠ ᠤᠰᠤ ᠶᠢ ᠠᠰᠢᠭᠯᠠᠬᠤ ᠶᠢ ᠴᠢᠩᠭᠠᠳᠬᠠᠨ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ ᠃
ᠱᠣ᠋ ᠯᠢᠨ ᠽᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠂ ᠲᠤᠬᠠᠢ ᠶᠢᠨ ᠭᠠᠵᠠᠷ ᠤᠨ ᠬᠢᠨ ᠬᠠᠳᠤᠨ ᠭᠤᠣᠯ ᠤᠨ ᠤᠰᠤ ᠶᠢ ᠲᠤᠩᠭᠠᠵᠤ ᠳᠤᠰᠤᠯᠭᠠᠨ ᠤᠰᠤᠯᠠᠬᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠦᠷᠦᠯ ᠵᠦᠢᠯ ᠢ ᠬᠡᠷᠡᠭᠵᠢᠭᠦᠯᠬᠦ ᠪᠠᠷ ᠲᠠᠮᠵᠢᠨ ᠤᠯᠠᠨ ᠳᠠᠪᠬᠤᠷ ᠦᠷ᠎ᠡ ᠪᠦᠲᠦᠮᠵᠢ ᠣᠯᠣᠭᠰᠠᠨ ᠢ ᠰᠣᠨᠣᠰᠤᠭᠠᠳ ᠂ ᠰᠦᠨ ᠱᠤᠤ ᠴᠧᠩ ᠂ ᠡᠨᠡ ᠬᠦ ᠲᠦᠷᠦᠯ ᠵᠦᠢᠯ ᠢ ᠬᠡᠷᠡᠭᠵᠢᠭᠦᠯᠬᠦ ᠳᠤ ᠡᠯᠡᠰᠦ ᠰᠢᠪᠠᠷ ᠢ ᠴᠡᠪᠡᠷᠯᠡᠨ ᠠᠷᠢᠯᠭᠠᠬᠤ ᠂ ᠤᠰᠤ ᠶᠢ ᠠᠷᠪᠢᠯᠠᠨ ᠬᠡᠷᠡᠭᠯᠡᠬᠦ ᠂ ᠳᠠᠪᠤᠰᠤ ᠬᠤᠵᠢᠷ ᠢ ᠰᠠᠭᠠᠷᠮᠠᠭᠵᠢᠭᠤᠯᠬᠤ ᠶᠡᠷᠦᠩᠬᠡᠶᠢᠯᠡᠭᠰᠡᠨ ᠦᠷ᠎ᠡ ᠠᠰᠢᠭ ᠢ ᠣᠯᠵᠤ ᠂ ᠨᠢᠭᠡ ᠯᠡ ᠳᠡᠭᠡᠷ᠎ᠡ ᠤᠯᠠᠨ ᠠᠮᠵᠢᠯᠲᠠ ᠣᠯᠵᠠᠢ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠵᠤ ᠂ ᠡᠨᠡ ᠬᠦ ᠠᠷᠭ᠎ᠠ ᠬᠢᠳᠡᠯ ᠢ ᠳ᠋ᠦᠩᠨᠡᠵᠦ ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠤᠯᠬᠤ ᠵᠠᠭᠪᠤᠷ ᠢ ᠳᠡᠯᠭᠡᠷᠡᠭᠦᠯᠵᠦ ᠂ 《ᠫᠧᠩᠰᠡᠲᠦ ᠦᠵᠡᠮᠵᠢ》 ᠶᠢ《ᠤᠢ ᠰᠢᠭᠤᠢ》ᠪᠣᠯᠭᠠᠨ ᠬᠤᠪᠢᠷᠠᠭᠤᠯᠬᠤ ᠬᠡᠷᠡᠭᠲᠡᠢ ᠃ ᠤᠰᠤ ᠠᠷᠪᠢᠯᠠᠬᠤ ᠶᠢ ᠠᠳᠬᠤᠬᠤ ᠂ ᠰᠠᠶᠢᠨ ᠲᠠᠷᠢᠶ᠎ᠠ ᠪᠠᠶᠢᠭᠤᠯᠬᠤ ᠳᠠᠭᠠᠨ ᠵᠠᠰᠠᠭ ᠤᠨ ᠣᠷᠳᠣᠨ ᠬᠢᠵᠦ ᠂ ᠣᠯᠠᠨ ᠲᠦᠮᠡᠨ ᠦᠵᠡᠭᠡᠳ ᠯᠡ ᠪᠠᠶᠢᠵᠤ ᠪᠤᠯᠬᠤ ᠦᠭᠡᠢ ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠶᠢ ᠰᠢᠯᠢᠳᠡᠭᠵᠢᠭᠦᠯᠬᠦ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠣᠯᠠᠨ ᠲᠦᠮᠡᠨ ᠤ ᠡᠵᠡᠨ ᠬᠥᠮᠥᠨ ᠤ ᠵᠣᠷᠢᠭ ᠰᠠᠨᠠᠭ᠎ᠠ ᠶᠢ ᠬᠥᠭᠵᠢᠭᠡᠵᠦ ᠂ ᠥᠷᠭᠡᠨ ᠣᠯᠠᠨ ᠲᠠᠷᠢᠶᠠᠴᠢᠳ ᠢ ᠴᠥᠮ ᠣᠷᠣᠯᠴᠠᠭᠤᠯᠬᠤ ᠬᠡᠷᠡᠭᠲᠡᠢ ᠭᠡᠵᠦ ᠬᠡᠯᠡᠪᠡ ᠃
ᠪᠠᠶᠢᠴᠠᠭᠠᠨ ᠰᠤᠳᠤᠯᠬᠤ ᠬᠤᠭᠤᠴᠠᠭᠠᠨ ᠳᠤ ᠂ ᠰᠦᠨ ᠱᠤᠤ ᠴᠧᠩ ᠪᠠᠰᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠽᠠᠨᠳᠠᠨ ᠵᠤᠤ ᠰᠤᠮᠤ ᠶᠢᠨ ᠳ᠋ᠣᠣ ᠯᠤᠤ ᠲᠣᠰᠬᠤᠨ ᠤ ᠨᠠᠮ ᠤᠨ ᠡᠭᠦᠷ ᠤᠨ ᠱᠦᠵᠢ ᠯᠢᠦ ᠱᠢ ᠷᠦᠩ ᠤᠨ ᠳᠠᠭᠠᠭᠤᠯᠤᠨ ᠡᠭᠦᠰᠬᠡᠨ ᠪᠠᠶᠢᠭᠤᠯᠤᠭᠰᠠᠨ ᠯᠠᠵᠤᠤ ᠲᠠᠷᠢᠬᠤ ᠲᠤᠰᠬᠠᠢ ᠬᠤᠷᠰᠢᠶ᠎ᠠ ᠶᠢ ᠲᠣᠭᠤᠷᠢᠨ ᠦᠵᠡᠵᠦ ᠂ ᠬᠠᠳᠤᠨ ᠭᠤᠣᠯ ᠤᠨ ᠲᠠᠩ ᠣᠷᠣᠨ ᠤ ᠬᠡᠰᠡᠭ ᠨᠡᠭᠦᠯᠭᠡᠭᠰᠡᠨ ᠰᠠᠭᠤᠭᠠᠯᠢ ᠠᠷᠠᠳ ᠢ ᠡᠷᠭᠢᠨ ᠦᠵᠡᠵᠦ ᠂ ᠬᠠᠳᠤᠨ ᠭᠤᠣᠯ ᠳᠠᠭᠠᠤ ᠶᠢᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ ᠂ ᠲᠤᠬᠠᠢ ᠶᠢᠨ ᠭᠠᠵᠠᠷ ᠤᠨ ᠬᠢᠨ ᠢ ᠪᠡᠯᠡᠳᠭᠡᠮᠵᠢᠲᠦ ᠲᠠᠷᠢᠶᠠᠯᠠᠩ ᠤᠨ ᠬᠥᠭᠵᠢᠯᠲᠡ ᠶᠢ ᠶᠡᠭᠡ ᠪᠠᠷ ᠲᠡᠮᠵᠢᠵᠤ ᠂ ᠲᠠᠩ ᠭᠠᠵᠠᠷ ᠢ ᠨᠡᠭᠦᠯᠭᠡᠭᠰᠡᠨ ᠤ ᠲᠠᠷᠠᠭ᠎ᠠ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠠᠵᠢᠯ ᠢ ᠰᠠᠶᠢᠲᠤᠷ ᠬᠢᠵᠦ ᠂ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢᠨ ᠠᠷᠠᠯᠵᠢᠶ᠎ᠠ ᠶᠢ ᠢᠳᠡᠪᠬᠢᠲᠡᠢ ᠠᠬᠢᠭᠤᠯᠵᠤ ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠢ ᠥᠨᠳᠥᠷ ᠲᠦᠪᠰᠢᠨ ᠢᠶᠠᠷ ᠲᠥᠯᠥᠪᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠠᠬᠢᠪᠠ ᠃ ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ ᠂ ᠰᠦᠨ ᠱᠤᠤ ᠴᠧᠩ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠳᠤ ᠣᠶᠢᠯᠠᠭᠠᠭᠰᠠᠨ ᠠᠰᠠᠭᠤᠳᠠᠯ ᠢᠶᠠᠨ ᠡᠮᠬᠢᠯᠡᠵᠦ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ ᠃
ᠢᠦᠢ ᠯᠢ ᠰᠢᠨ ᠂ ᠶᠠᠩ ᠵᠢᠶᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ ᠃