ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠡᠬᠢᠯᠡᠪᠡ ᠰᠦᠨ ᠱᠤᠤ ᠴᠧᠩ ᠬᠤᠷᠠᠯ ᠢ ᠡᠷᠭᠢᠯᠡᠵᠠᠢ
2023 3 ᠰᠠᠷ᠎ᠠ ᠶᠢᠨ 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠡᠬᠢᠯᠡᠵᠦ ᠂ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ ᠃
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 73 ᠪᠦᠷᠢᠯᠳᠦᠭᠦᠨ ᠲᠠᠢ ᠂ 63 ᠬᠥᠮᠥᠨ ᠨᠢ ᠲᠣᠰ ᠤᠳᠠᠭᠠᠨ ᠤ ᠬᠤᠷᠠᠯ ᠳᠤ ᠣᠷᠣᠯᠴᠠᠵᠤ ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠵᠠᠢ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠂ ᠳᠡᠳ᠋ ᠡᠷᠭᠢᠯᠡᠭᠴᠢ ᠵᠠᠩ ᠱᠤᠤ ᠴᠦᠨ ᠂ ᠳ᠋ᠤᠸᠠᠨ ᡁᠢ ᠴᠢᠶᠠᠩ ᠂ ᠠᠢ ᠯᠢ ᠬᠤᠸᠠ ᠂ ᠯᠢ ᠪᠢᠩ ᠷᠦᠩ ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠭᠡᠰᠢᠭᠦᠳ ᠬᠤᠷᠠᠯ ᠳᠤ ᠣᠷᠣᠯᠴᠠᠵᠠᠢ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠶᠦᠩ ᠵᠢᠶᠦ᠋ᠨ ᠬᠤᠷᠠᠯ ᠳᠤ ᠰᠤᠯᠠ ᠣᠷᠣᠯᠴᠠᠵᠠᠢ ᠃
ᠬᠤᠷᠠᠯ ᠤᠨ ᠵᠥᠪᠯᠡᠭᠦ ᠵᠦᠢᠯᠡᠰ ᠢ ᠪᠠᠲᠤᠯᠠᠭᠰᠠᠨ ᠤ ᠲᠠᠷᠠᠭ᠎ᠠ ᠂ ᠬᠤᠷᠠᠯ ᠠᠴᠠ ᠵᠠᠩ ᠱᠤᠤ ᠴᠦᠨ ᠤ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠤᠨ ᠡᠷᠭᠢᠯᠡᠭᠴᠢ ᠵᠠᠩ ᠽᠦᠸᠧ ᠾᠧᠦ ᠶᠢᠨ ᠬᠢᠭᠰᠡᠨ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ︵ᠲᠥᠰᠥᠯ︶》 ᠤᠨ ᠲᠤᠬᠠᠢ ᠲᠣᠳᠣᠷᠬᠠᠶᠢᠯᠠᠯᠲᠠ ᠪᠠ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠠᠬᠢᠭᠤᠯᠬᠤ ᠳᠦᠷᠢᠮ︵ᠲᠥᠰᠥᠯ︶》 ᠤᠨ ᠲᠤᠬᠠᠢ ᠲᠣᠳᠣᠷᠬᠠᠶᠢᠯᠠᠯᠲᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠡᠷᠭᠢᠯᠡᠭᠴᠢ ᠭᠡᠰᠢᠭᠦᠨ ᠹᠧᠩ ᠢᠦᠢ ᠵᠧᠨ ᠤ ᠬᠢᠭᠰᠡᠨ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠤᠯᠢ 》ᠪᠠ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠨᠴᠠ ᠲᠥᠷᠥᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠳᠦᠷᠢᠮ》 ᠢ ᠬᠡᠷᠡᠭᠵᠢᠭᠦᠯᠦᠭᠰᠡᠨ ᠪᠠᠶᠢᠳᠠᠯ ᠤᠨ ᠪᠠᠶᠢᠴᠠᠭᠠᠯᠲᠠ ᠶᠢᠨ ᠲᠤᠬᠠᠢ ᠮᠡᠳᠡᠭᠦᠯᠦᠯᠲᠡ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠭ᠎ᠠ ᠪᠠᠢ ᠶᠦᠩ ᠫᠢᠩ ᠤᠨ ᠬᠢᠭᠰᠡᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠳᠠᠷᠤᠭ᠎ᠠ ᠵᠢᠦᠢ ᠱᠸ ᠸᠧᠨ ᠤ ᠬᠢᠭᠰᠡᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠂ ᠪᠦᠦ ᠰᠢᠶᠠᠨ ᠬᠤᠸᠠ ᠶᠢᠨ ᠬᠢᠭᠰᠡᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠭᠡ ᠪᠠᠷ ᠤᠯᠠᠮᠵᠢᠯᠠᠨ ᠪᠠᠳᠠᠷᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠤᠨ ᠨᠠᠷᠢᠨ ᠲᠠᠩᠰᠠ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ᠳᠠᠷᠤᠭ᠎ᠠ ᠾᠥᠸᠧ ᠵᠣᠣ ᠯᠢᠶᠠᠩ ᠤᠨ ᠬᠢᠭᠰᠡᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ 2022 ᠣᠨ ᠤ ᠬᠢᠨᠠᠨ ᠪᠣᠳᠣᠯᠲᠠ ᠪᠠᠷ ᠪᠠᠶᠢᠴᠠᠭᠠᠨ ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠤᠨᠤᠰᠬᠤ ᠶᠢᠨ ᠬᠠᠮᠲᠤ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠪᠡ ᠃
ᠬᠤᠷᠠᠯ ᠠᠴᠠ ᠪᠠᠰᠠ ᠬᠡᠰᠡᠭ ᠲᠣᠭᠤᠷᠢᠭ ᠲᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ 2023 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠥᠪ ᠤᠨ ᠲᠣᠬᠢᠷᠠᠭᠤᠯᠤᠯᠲᠠ ᠶᠢᠨ ᠲᠥᠰᠥᠯ ᠤᠨ ᠲᠤᠬᠠᠢ ᠮᠡᠳᠡᠭᠦᠯᠦᠯᠲᠡ ᠂ 2022 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠵᠥᠪᠯᠡᠯ ᠤᠨ 2022 ᠣᠨ ᠤ ᠳᠠᠩᠰᠠᠯᠠᠵᠦ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠂ ᠭᠡᠰᠢᠭᠦᠨ ᠂ ᠬᠡᠰᠡᠭ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠂ ᠡᠯ᠎ᠡ ᠲᠣᠭᠤᠷᠢᠭ ᠲᠠᠢ ᠬᠤᠳᠠ ᠪᠣᠯᠣᠨ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠭᠦ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ ᠃