ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠤ ︽ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠭᠠᠷᠠᠭ︾ ᠤᠨ ᠠᠵᠢᠯᠯᠠᠭ᠎ᠠ ᠡᠬᠢᠯᠡᠪᠡ
2023 3 ᠰᠠᠷ᠎ᠠ ᠶᠢᠨ 27 ᠤ ᠡᠳᠦᠷ ᠪᠣᠯ ᠬᠤᠷᠢᠨ ᠨᠠᠢᠮᠠᠳᠠᠭᠢ ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠪᠣᠯᠣᠨ᠎ᠠ᠃ ᠲᠤᠬᠠᠢ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《ᠪᠥᠬᠦ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠭᠠᠷᠠᠭ》ᠵᠢᠴᠢ ᠪᠥᠬᠦ ᠣᠷᠣᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠬᠥᠬᠡᠬᠤᠲᠠ ᠶᠢᠨ ᠴᠡᠯᠡᠭᠡᠷ ᠲᠠᠯ᠎ᠠ ᠶᠢᠨ ᠯᠢᠤᠢ ᠳ᠋ᠢ ᠪᠠᠭ᠎ᠠ ᠰᠤᠷᠭᠠᠭᠤᠯᠢ ᠶᠢᠨ ᠲᠧᠩᠹᠸᠢ ᠵᠠᠮ ᠤᠨ ᠰᠤᠷᠭᠠᠭᠤᠯᠢ ᠶᠢᠨ ᠲᠣᠭᠤᠷᠢᠭ ᠲᠤ ᠡᠬᠢᠯᠡᠵᠦ᠂ ᠪᠥᠬᠦ ᠣᠷᠣᠨ ᠤ ᠪᠤᠰᠤᠳ ᠠᠶᠢᠮᠠᠭ ᠬᠤᠲᠠ ᠲᠣᠰ ᠠᠵᠢᠯᠯᠠᠭ᠎ᠠ ᠶᠢ ᠵᠡᠷᠭᠡ ᠪᠠᠷ ᠡᠬᠢᠯᠡᠭᠦᠯᠪᠡ᠃
ᠲᠤᠰ ᠤᠳᠠᠭᠠᠨ ᠤ ᠠᠵᠢᠯᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠶᠡᠷᠦᠩᠬᠡᠢ ᠠᠩᠭᠢ ᠠᠴᠠ ᠬᠠᠮᠲᠤ ᠪᠠᠷ ᠭᠤᠣᠯᠯᠠᠨ ᠡᠷᠬᠢᠯᠡᠪᠡ ᠃ ᠡᠨᠡ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠤᠨ ᠭᠠᠷᠠᠭ ᠤᠨ ᠠᠵᠢᠯᠯᠠᠭ᠎ᠠ ᠶᠢᠨ ᠭᠤᠣᠯ ᠰᠡᠳᠦᠪ ᠢ 《ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠶ᠎ᠡ》 ᠪᠠᠷ ᠲᠣᠭᠲᠠᠭᠠᠵᠠᠢ᠃ 4 ᠳ᠋ᠦ᠋ᠭᠡᠷ ᠰᠠᠷ᠎ᠠ ᠪᠣᠯ ᠥᠪᠡᠷᠲᠡᠭᠡᠨ ᠵᠠᠰᠠᠬᠤ ᠣᠷᠣᠨ ᠤ 《 ᠭᠠᠯ ᠰᠡᠷᠭᠡᠶᠢᠯᠡᠬᠦ ᠠᠮᠤᠷ ᠲᠥᠪᠰᠢᠨ ᠤ ᠤᠬᠠᠭᠤᠯᠭ᠎ᠠ ᠶᠢᠨ ᠰᠠᠷ᠎ᠠ》ᠮᠥᠨ᠃ ᠪᠥᠬᠦ ᠣᠷᠣᠨ ᠤ ᠰᠤᠷᠭᠠᠨ ᠬᠥᠮᠦᠵᠢᠯ ᠤᠨ ᠰᠢᠰᠲ᠋ᠧᠮ ᠠᠴᠠ ᠭᠠᠯ ᠰᠡᠷᠭᠡᠶᠢᠯᠡᠬᠦ ᠠᠮᠤᠷ ᠲᠥᠪᠰᠢᠨ ᠤ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠥᠷᠨᠢᠭᠦᠯᠵᠦ ᠂ ᠡᠯ᠎ᠡ ᠲᠥᠷᠥᠯ ᠤᠨ ᠳᠦᠷᠢᠮ ᠲᠣᠭᠲᠠᠭᠠᠯ ᠢ ᠪᠦᠷᠢᠨᠰᠢᠭᠦᠯᠦᠨ ᠂ ᠡᠯ᠎ᠡ ᠲᠥᠷᠥᠯ ᠤᠨ ᠭᠠᠯ ᠤᠨ ᠠᠶᠤᠯ ᠤᠨ ᠠᠳᠡᠯ ᠢ ᠡᠷᠡᠰ ᠬᠤᠷᠢᠭᠯᠠᠬᠤ ᠪᠣᠯᠣᠨ᠎ᠠ ᠃
ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠶ ᠶᠢᠨ ᠡᠬᠢᠯᠡᠯᠲᠡ ᠶᠢᠨ ᠶᠣᠰᠣᠯᠠᠯ ᠳᠡᠭᠡᠷ᠎ᠡ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ ᠂ ᠭᠠᠵᠠᠷ ᠬᠥᠳᠡᠯᠦᠯᠲᠡ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠭᠠᠯ ᠰᠡᠷᠭᠡᠶᠢᠯᠡᠵᠦ ᠠᠪᠤᠷᠠᠨ ᠲᠤᠰᠠᠯᠠᠬᠤ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠂ ᠭᠢᠰᠬᠢᠯᠡᠬᠦ ᠠᠴᠠ ᠰᠡᠷᠭᠡᠶᠢᠯᠡᠬᠦ ᠂ ᠤᠰᠤᠨ ᠳᠤ ᠵᠢᠪᠦᠬᠦ ᠥᠪᠡᠷ ᠢ ᠪᠠᠨ ᠬᠠᠮᠠᠭᠠᠯᠠᠨ ᠠᠪᠤᠷᠠᠬᠤ ᠰᠤᠷᠭᠠᠭᠤᠯᠢᠯᠠᠯ᠂ ᠵᠢᠷᠦᠬᠡ ᠠᠭᠤᠰᠬᠢᠨ ᠤ ᠰᠡᠷᠭᠦᠭᠡᠯᠲᠡ ᠶᠢ ᠪᠡᠶᠡᠴᠢᠯᠡᠨ ᠣᠶᠢᠯᠠᠭᠠᠬᠤ ᠰᠤᠷᠭᠠᠭᠤᠯᠢᠯᠠᠯ᠂ ᠠᠮᠢᠰᠬᠤᠯ ᠤᠨ ᠵᠠᠮ ᠤᠨ ᠬᠠᠷᠢ ᠪᠣᠳᠠᠰ ᠤᠨ ᠪᠦᠭᠯᠡᠷᠡᠯ ᠠᠴᠠ ᠲᠦᠷᠭᠡᠨ ᠠᠪᠤᠷᠠᠬᠤ ᠠᠷᠭ᠎ᠠ ᠂ ᠰᠢᠷᠬ᠎ᠠ ᠶᠢ ᠪᠣᠭᠤᠬᠤ ᠮᠡᠷᠭᠡᠵᠢᠯ ᠂ ᠭᠠᠯ ᠠᠴᠠ ᠠᠮᠢ ᠵᠢᠭᠤᠲᠠᠬᠤ ᠰᠤᠷᠭᠠᠭᠤᠯᠢᠯᠠᠯ᠂ ᠤᠲᠤᠭᠠᠨ ᠠᠴᠠ ᠠᠮᠢ ᠵᠢᠭᠤᠲᠠᠬᠤ ᠰᠤᠷᠭᠠᠭᠤᠯᠢᠯᠠᠯ᠂ ᠭᠠᠵᠠᠷ ᠬᠥᠳᠡᠯᠦᠯᠲᠡ ᠶᠢᠨ ᠰᠣᠷᠢᠯᠲᠠ ᠪᠣᠯᠪᠠᠰᠤᠷᠠᠯ ᠂ ᠬᠤᠣᠷ ᠴᠠᠭᠠᠵᠠᠯᠠᠬᠤ ᠤᠬᠠᠭᠤᠯᠭ᠎ᠠ ᠵᠡᠷᠭᠡ ᠰᠣᠯᠢᠯᠴᠠᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠵᠦ ᠂ ᠥᠷᠭᠡᠨ ᠤᠯᠠᠨ ᠪᠠᠭᠰᠢ ᠰᠤᠷᠤᠭᠴᠢᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠪᠠ ᠠᠶᠤᠯ ᠠᠴᠠ ᠵᠠᠶᠢᠯᠠᠬᠤ ᠴᠢᠳᠠᠪᠤᠷᠢ ᠶᠢ ᠴᠢᠩᠭᠠᠳᠬᠠᠪᠠ ᠃ 《ᠥᠨᠥᠳᠥᠷ ᠪᠢ ᠠᠩᠬ᠎ᠠ ᠤᠳᠠᠭ᠎ᠠ ᠭᠠᠯ ᠤᠨᠲᠠᠷᠠᠭᠠᠬᠤ ᠵᠤᠵᠠᠭᠠᠨ ᠬᠤᠪᠴᠠᠰᠤ ᠶᠢ ᠡᠮᠦᠰᠦᠨ᠂ ᠭᠠᠯ ᠤᠨᠲᠠᠷᠠᠭᠠᠬᠤ ᠲᠡᠷᠭᠡᠨ ᠳᠤ ᠭᠠᠷᠴᠤ᠂ ᠭᠠᠯ ᠤᠨ ᠠᠶᠤᠯ ᠠᠴᠠ ᠠᠮᠢ ᠵᠢᠭᠤᠲᠠᠬᠤ ᠶᠢ ᠪᠡᠶᠡᠴᠢᠯᠡᠨ ᠣᠶᠢᠯᠠᠭᠠᠭᠰᠠᠨ ᠪᠥᠭᠡᠳ ᠥᠪᠡᠷ ᠢ ᠪᠠᠨ ᠠᠪᠤᠷᠠᠬᠤ ᠶᠡᠷᠦ ᠶᠢᠨ ᠮᠡᠳᠡᠯᠭᠡ ᠶᠢ ᠴᠦ ᠮᠠᠰᠢ ᠣᠯᠠᠨ ᠰᠤᠷᠴᠠᠢ》ᠭᠡᠵᠦ ᠴᠡᠯᠡᠭᠡᠷ ᠲᠠᠯ᠎ᠠ ᠶᠢᠨ ᠯᠢᠤᠢ ᠳ᠋ᠢ ᠪᠠᠭ᠎ᠠ ᠰᠤᠷᠭᠠᠭᠤᠯᠢ ᠶᠢᠨ ᠲᠧᠩᠹᠧᠢ ᠵᠠᠮ ᠤᠨ ᠰᠤᠷᠭᠠᠭᠤᠯᠢ ᠶᠢᠨ ᠲᠣᠭᠤᠷᠢᠭ ᠤᠨ ᠳᠥᠷᠪᠡᠳᠦᠭᠡᠷ ᠣᠨ ᠤ ᠰᠤᠷᠤᠭᠴᠢ ᠱᠢ ᠺᠠᠢ ᠸᠧᠨ ᠬᠡᠯᠡᠪᠡ ᠃
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ᠂ ᠡᠯ᠎ᠡ ᠭᠠᠵᠠᠷ ᠤᠨ ᠡᠯ᠎ᠡ ᠰᠤᠷᠭᠠᠭᠤᠯᠢ ᠨᠤᠭᠤᠳ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠨᠠᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠰᠤᠷᠭᠠᠨ ᠬᠥᠮᠥᠵᠢᠭᠦᠯᠬᠦ᠂ ᠬᠢᠨᠠᠨ ᠬᠠᠮᠢᠶᠠᠷᠬᠤ᠂ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠬᠦ ᠬᠡᠷᠡᠭᠲᠡᠢ᠃ ᠬᠢᠴᠢᠶᠡᠯ ᠤᠨ ᠲᠠᠩᠬᠢᠮ ᠤᠨ ᠠᠮᠤᠷ ᠲᠦᠪᠰᠢᠨ ᠤ ᠬᠥᠮᠦᠵᠢᠯ ᠤᠨ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠵᠤ ᠂ ᠰᠤᠷᠤᠭᠴᠢᠳ ᠤᠨ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠪᠠᠷ ᠪᠠᠶᠠᠯᠢᠭ ᠠᠭᠤᠯᠭ᠎ᠠ ᠪᠦᠬᠦᠢ ᠲᠤᠰᠬᠠᠢ ᠰᠡᠳᠦᠪᠲᠦ ᠠᠮᠤᠷ ᠲᠦᠪᠰᠢᠨ ᠤ ᠬᠥᠮᠦᠵᠢᠯ ᠢ ᠥᠷᠨᠢᠭᠦᠯᠬᠦ ᠬᠡᠷᠡᠭᠲᠡᠢ ︔ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ ᠂ ᠠᠮᠤᠷ ᠲᠦᠪᠰᠢᠨ ᠤ ᠰᠣᠷᠢᠯᠲᠠ ᠪᠣᠯᠪᠠᠰᠤᠷᠠᠯ ᠪᠣᠯᠣᠨ ᠦᠢᠯᠡᠳᠦᠯᠭᠡ ᠶᠢᠨ ᠣᠶᠢᠯᠠᠭᠠᠯᠲᠠ ᠶᠢ ᠴᠢᠩᠭᠠᠳᠬᠠᠵᠤ ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ︔ ᠡᠳᠦᠷ ᠲᠤᠲᠤᠮ ᠤᠨ ᠠᠮᠤᠷ ᠲᠦᠪᠰᠢᠨ ᠤ ᠰᠠᠨᠠᠭᠤᠯᠤᠮᠵᠢ ᠶᠢ ᠴᠢᠩᠭᠠᠳᠬᠠᠵᠤ᠂ ᠰᠤᠷᠤᠭᠴᠢᠳ ᠢ ᠬᠠᠪᠰᠤᠷᠤᠨ ᠴᠢᠬᠤᠯᠠ ᠪᠦᠬᠦᠢ ᠠᠮᠤᠷ ᠲᠦᠪᠰᠢᠨ ᠤ ᠮᠡᠳᠡᠯᠭᠡ ᠪᠠ ᠮᠡᠷᠭᠡᠵᠢᠯ ᠴᠢᠳᠠᠪᠤᠷᠢ ᠶᠢ ᠡᠵᠡᠮᠰᠢᠭᠦᠯᠬᠦ ᠬᠡᠷᠡᠭᠲᠡᠢ᠃ ᠡᠭᠦᠨ ᠤ ᠬᠠᠮᠲᠤ ᠂ ᠣᠯᠠᠨ ᠰᠠᠯᠠᠭ᠎ᠠ ᠮᠥᠴᠢᠷ ᠴᠤᠭ ᠢᠶᠠᠷ ᠠᠳᠬᠤᠨ ᠬᠠᠮᠲᠤ ᠪᠠᠷ ᠬᠠᠮᠢᠶᠠᠷᠴᠤ ᠂ ᠪᠥᠬᠦ ᠨᠡᠶᠢᠭᠡᠮ ᠢᠶᠠᠷ ᠢᠶᠠᠨ ᠢᠳᠡᠪᠬᠢᠲᠡᠢ ᠣᠷᠣᠯᠴᠠᠭᠰᠠᠨ ᠳᠤᠮᠳᠠᠳᠤ ᠪᠠᠭ᠎ᠠ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠲᠣᠭᠲᠠᠯᠴᠠᠭ᠎ᠠ ᠪᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠴᠢᠷᠮᠠᠶᠢᠨ ᠪᠠᠶᠢᠭᠤᠯᠵᠤ᠂ ᠪᠥᠬᠦ ᠨᠡᠶᠢᠭᠡᠮ ᠢᠶᠠᠷ ᠢᠶᠠᠨ ᠰᠤᠷᠤᠭᠴᠢᠳ ᠤᠨ ᠠᠮᠤᠷ ᠲᠦᠪᠰᠢᠨ ᠤ ᠬᠥᠮᠦᠵᠢᠯ ᠢ ᠬᠠᠮᠲᠤ ᠪᠠᠷ ᠬᠠᠯᠠᠮᠵᠢᠯᠠᠭᠰᠠᠨ ᠠᠵᠢᠯ ᠤᠨ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃