ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠠᠩᠬᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠤᠨ ᠨᠡᠷᠡᠰ ᠢ ᠨᠡᠶᠢᠲᠡᠯᠡᠪᠡ
2023 3 ᠰᠠᠷ᠎ᠠ ᠶᠢᠨ 23 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠠᠩᠬᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠤᠨ ᠨᠡᠷᠡᠰ ᠢ ᠨᠡᠶᠢᠲᠡᠯᠡᠵᠦ ᠂ 3A ᠲᠠᠰ ᠠᠴᠠ ᠳᠡᠭᠡᠭᠰᠢᠬᠢ 19 ᠵᠤᠭᠠᠴᠠᠯ ᠤᠨ ᠦᠵᠡᠮᠵᠢ ᠶᠢᠨ ᠣᠷᠣᠨ ᠰᠣᠩᠭᠤᠭᠳᠠᠪᠠ ᠃
ᠠᠩᠬᠠᠳᠤᠭᠠᠷ ᠪᠦᠯᠦᠭ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠲᠤ ᠄ ᠬᠠᠲᠤᠨ ᠭᠤᠣᠯ ᠤᠨ ᠮᠠᠢ ᠶᠧ ᠭᠦ᠋ ᠠᠮᠢ ᠠᠬᠤᠢ ᠶᠢᠨ ᠰᠡᠯᠡᠭᠦᠴᠡᠯ ᠠᠮᠠᠷᠠᠯᠲᠠ ᠶᠢᠨ ᠵᠢᠭᠤᠯᠴᠢᠯᠡᠯ ᠤᠨ ᠣᠷᠣᠨ᠂ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠤᠨ ᠣᠷᠳᠣᠨ ᠂ ᠮᠤᠨᠢ ᠠᠭᠤᠯᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠪᠠᠯᠭᠠᠰᠤ ᠂ ᠴᠡᠯᠡᠭᠡᠷ ᠲᠠᠯ᠎ᠠ ᠮᠦᠽᠧᠢ ᠂ ᠬᠠᠲᠤᠨ ᠭᠤᠣᠯ ᠤᠨ ᠳᠠᠭᠤᠯᠠᠯ ᠰᠣᠶᠣᠯ ᠤᠨ ᠬᠦᠷᠢᠶᠡᠯᠡᠩ ᠤᠨ ᠵᠢᠭᠤᠯᠴᠢᠯᠡᠯ ᠤᠨ ᠣᠷᠣᠨ᠂ ᠣᠯᠭᠤᠶᠠ ᠪᠤᠭᠤᠴᠢᠨ ᠠᠶᠢᠮᠠᠭ ᠤᠨ ᠦᠵᠡᠮᠵᠢ ᠶᠢᠨ ᠣᠷᠣᠨ ᠂ ᠳᠠᠪᠠᠭᠠᠴᠠ ᠰᠢᠶᠡᠨᠪᠢ ᠶᠢᠨ ᠲᠡᠦᠬᠡ ᠰᠣᠶᠣᠯ ᠤᠨ ᠬᠦᠷᠢᠶᠡᠯᠡᠩ ᠤᠨ ᠦᠵᠡᠮᠵᠢ ᠶᠢᠨ ᠣᠷᠣᠨ ᠂ ᠲᠦᠰᠢᠶᠡᠲᠦ ᠴᠢᠨ ᠸᠠᠩ ᠤᠨ ᠣᠷᠳᠣᠨ ᠤ ᠦᠵᠡᠮᠵᠢ ᠶᠢᠨ ᠣᠷᠣᠨ ᠂ ᠲᠠᠬᠢᠮᠳᠠᠭᠤ ᠠᠮᠤᠷᠯᠢᠩᠭᠤᠢ ᠭᠡᠭᠡᠨ ᠰᠣᠳᠣ ᠬᠤᠸᠠᠩᠬᠡᠦ ᠶᠢᠨ ᠬᠦᠷᠢᠶᠡᠯᠡᠩ ᠤᠨ ᠰᠣᠶᠣᠯ ᠵᠤᠭᠠᠴᠠᠯ ᠤᠨ ᠦᠵᠡᠮᠵᠢ ᠶᠢᠨ ᠣᠷᠣᠨ ᠂ ᠤᠯᠠᠭᠠᠨᠬᠠᠳᠠ ᠶᠢᠨ ᠮᠦᠽᠧᠢ ᠂ ᠮᠣᠩᠭᠤᠯ ᠬᠠᠭᠠᠨ ᠬᠤᠲᠠ ᠵᠢᠭᠤᠯᠴᠢᠯᠡᠯ ᠤᠨ ᠣᠷᠣᠨ᠂ ᠬᠦᠢᠲᠡᠨ ᠰᠢᠯᠢ ᠶᠢᠨ ᠰᠢᠷ᠎ᠠ ᠴᠡᠴᠡᠭᠲᠦ ᠭᠤᠤ ᠦᠵᠡᠮᠵᠢ ᠶᠢᠨ ᠣᠷᠣᠨ ᠂ ᠯᠦᠩ ᠱᠧᠩ ᠵᠤᠸᠠᠩ ᠡᠷᠲᠡᠨ ᠤ ᠪᠠᠯᠭᠠᠰᠤ ᠶᠢᠨ ᠰᠣᠶᠣᠯ ᠵᠤᠭᠠᠴᠠᠯ ᠤᠨ ᠦᠵᠡᠮᠵᠢ ᠶᠢᠨ ᠣᠷᠣᠨ ᠂ ᠬᠢᠶ᠎ᠠ ᠪᠠᠭᠰᠢ ᠵᠤᠭᠠᠴᠠᠯ ᠤᠨ ᠦᠵᠡᠮᠵᠢ ᠶᠢᠨ ᠣᠷᠣᠨ ᠂ ᠦᠦᠰᠢᠨ ᠤᠰᠤᠨ ᠵᠢᠷᠤᠭ᠎ᠠ ᠵᠢᠭᠤᠯᠴᠢᠯᠡᠯ ᠠᠮᠠᠷᠠᠯᠲᠠ ᠶᠢᠨ ᠣᠷᠣᠨ ᠂ ᠤᠯᠠᠭᠠᠨᠰᠤᠬᠠᠢ ᠠᠮᠢ ᠠᠬᠤᠢ ᠶᠢᠨ ᠵᠤᠭᠠᠴᠠᠯ ᠤᠨ ᠦᠵᠡᠮᠵᠢ ᠶᠢᠨ ᠣᠷᠣᠨ ᠂ ᠲᠣᠬᠤᠢ ᠠᠭᠤᠯᠠ ᠶᠢᠨ ᠰᠣᠶᠣᠯ ᠵᠢᠭᠤᠯᠴᠢᠯᠡᠯ ᠤᠨ ᠣᠷᠣᠨ᠂ ᠲᠣᠣᠷᠠᠢ ᠶᠢᠨ ᠤᠢ ᠶᠢᠨ ᠵᠢᠭᠤᠯᠴᠢᠯᠡᠯ ᠤᠨ ᠣᠷᠣᠨ ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠵᠢᠭᠤᠯᠴᠢᠯᠡᠯ ᠤᠨ ᠣᠷᠣᠨ ᠪᠠᠭᠲᠠᠪᠠ ᠃
ᠡᠳᠡᠭᠡᠷ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ ᠨᠢ ᠲᠣᠭᠯᠠᠯᠲᠠ ᠶᠢᠨ ᠤᠷᠠᠯᠢᠭ ᠂ ᠤᠯᠠᠮᠵᠢᠯᠠᠯᠲᠤ ᠭᠠᠷ ᠤᠷᠠᠯᠠᠯ ᠂ ᠪᠠᠶᠠᠷ ᠳᠤᠷᠠᠰᠬᠠᠯ ᠤᠨ ᠵᠠᠩ ᠦᠢᠯᠡ ᠂ ᠪᠡᠶ᠎ᠡ ᠶᠢᠨ ᠲᠠᠮᠢᠷ ᠤᠨ ᠲᠣᠭᠯᠠᠭᠠᠮ ᠤᠷᠠᠯᠢᠭ ᠵᠡᠷᠭᠡ ᠣᠯᠠᠨ ᠲᠥᠷᠥᠯ ᠤᠨ ᠪᠡᠶᠡᠴᠢᠯᠡᠨ ᠣᠶᠢᠯᠠᠭᠠᠬᠤ ᠵᠦᠢᠯᠡᠰ ᠢ ᠬᠠᠮᠤᠷᠴᠤ᠂ ᠮᠣᠩᠭᠤᠯ ᠦᠨᠳᠦᠰᠦᠲᠡᠨ ᠤ ᠠᠷᠠᠳ ᠤᠨ ᠤᠷᠲᠤ ᠶᠢᠨ ᠳᠠᠭᠤᠤ ᠂ ᠮᠣᠩᠭᠤᠯ ᠦᠨᠳᠦᠰᠦᠲᠡᠨ ᠤ ᠬᠥᠭᠡᠮᠡᠢ ᠵᠡᠷᠭᠡ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠂ ᠮᠣᠷᠢᠨ ᠬᠤᠭᠤᠷ ᠤᠨ ᠬᠥᠭᠵᠢᠮ ᠂ ᠨᠠᠭᠠᠳᠤᠮ ᠂ ᠡᠯ ᠷᠧᠨ ᠲᠠᠢ ᠂ ᠮᠣᠩᠭᠤᠯ ᠦᠨᠳᠦᠰᠦᠲᠡᠨ ᠤ ᠬᠤᠸᠠᠷ ᠬᠠᠳᠬᠤᠮᠠᠯ ᠂ ᠬᠠᠰᠠᠭ ᠲᠡᠷᠭᠡ ᠵᠣᠬᠢᠶᠠᠬᠤ ᠤᠷ᠎ᠠ ᠮᠡᠷᠭᠡᠵᠢᠯ ᠵᠡᠷᠭᠡ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠦᠷᠦᠯ ᠵᠦᠢᠯ ᠳᠤ ᠬᠤᠯᠪᠣᠭᠳᠠᠵᠤ ᠂ 100 ᠣᠷᠴᠢᠮ ᠪᠣᠳᠠᠰ ᠤᠨ ᠪᠤᠰᠤ ᠰᠣᠶᠣᠯ ᠤᠨ ᠥᠪ ᠤᠨ ᠪᠡᠶᠡᠴᠢᠯᠡᠨ ᠣᠶᠢᠯᠠᠭᠠᠬᠤ ᠲᠦᠷᠦᠯ ᠵᠦᠢᠯ ᠨᠢ ᠵᠤᠭᠠᠴᠠᠭᠰᠠᠳ ᠤᠨ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠪᠠ ᠣᠨᠴᠠᠯᠢᠭ ᠤᠨ ᠲᠤᠬᠠᠢ ᠲᠠᠨᠢᠯᠲᠠ ᠪᠠ ᠲᠥᠷᠥᠭᠳᠡᠯ ᠢ ᠨᠡᠮᠡᠭᠳᠡᠭᠦᠯᠬᠦ ᠪᠣᠯᠣᠨ᠎ᠠ ᠃