ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠬᠤ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ︽ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ︾ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ
《ᠲᠠᠪᠤᠨ ᠶᠡᠭᠡ ᠡᠭᠦᠷᠭᠡ》ᠵᠢᠴᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ》 ᠶᠢ ᠦᠨᠳᠦᠰᠦᠯᠡᠨ᠂ 2023 3 ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠠᠴᠠ ᠥᠪᠥᠷ ᠮᠣᠩᠭᠤᠯ ᠤᠨ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠮᠡᠷᠭᠡᠵᠢᠯ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠨ᠂ 《ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ》ᠠᠷᠭ᠎ᠠ ᠪᠠᠷ ᠪᠥᠬᠦ ᠤᠯᠤᠰ ᠤᠨ ᠬᠡᠪᠴᠢᠶᠡᠨ ᠳᠠᠬᠢ ᠳᠠᠪᠠᠭᠤᠯᠢᠭ ᠰᠢᠨ᠎ᠡ ᠶᠢ ᠡᠭᠦᠳᠬᠦ ᠡᠬᠢ ᠪᠠᠶᠠᠯᠢᠭ ᠢ ᠵᠣᠬᠢᠶᠠᠨ ᠪᠠᠶᠢᠭᠤᠯᠤᠨ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠤᠳ ᠢ ᠰᠢᠢᠳᠪᠦᠷᠢᠯᠡᠵᠡᠢ᠃
ᠣᠶᠢᠯᠠᠭᠠᠭᠰᠠᠨ ᠢᠶᠠᠷ᠂ ᠲᠣᠰ ᠤᠳᠠᠭ᠎ᠠ ᠵᠠᠷᠯᠠᠭᠰᠠᠨ ᠨᠡᠷᠡᠰ ᠤᠨ ᠵᠢᠭᠰᠠᠭᠠᠯᠲᠠ ᠳᠤ 《ᠥᠪᠥᠷ ᠮᠣᠩᠭᠤᠯ ᠤᠨ ᠬᠠᠲᠤᠨ ᠭᠤᠣᠯ ᠤᠨ ᠤᠰᠤ ᠶᠢ ᠳᠠᠲᠠᠨ ᠤᠰᠤᠯᠠᠯᠲᠠ ᠬᠢᠬᠦ ᠣᠷᠣᠨ ᠤ ᠤᠰᠤᠨ ᠤ ᠡᠬᠢ ᠪᠠᠶᠠᠯᠢᠭ ᠤᠨ ᠴᠠᠭ ᠣᠷᠣᠨ ᠵᠠᠢ ᠶᠢ ᠲᠣᠬᠢᠷᠠᠭᠤᠯᠤᠨ ᠡᠵᠡᠮᠳᠡᠬᠦ ᠬᠢᠭᠡᠳ ᠠᠷᠪᠢᠲᠠᠢ ᠡᠷᠴᠢᠮᠯᠢᠭ ᠠᠰᠢᠭᠯᠠᠬᠤ ᠮᠡᠷᠭᠡᠵᠢᠯ ᠤᠳ ᠢ ᠡᠮᠬᠢᠳᠬᠡᠨ ᠵᠢᠱᠢᠶ᠎ᠡ ᠦᠵᠡᠭᠦᠯᠬᠦ》 《ᠬᠠᠲᠤᠨ ᠭᠤᠣᠯ ᠤᠨ ᠤᠰᠤ ᠶᠢ ᠳᠠᠲᠠᠨ ᠤᠰᠤᠯᠠᠯᠲᠠ ᠬᠢᠬᠦ ᠣᠷᠣᠨ ᠤ ᠤᠰᠤᠨ ᠤ ᠣᠷᠴᠢᠯ ᠬᠢᠭᠡᠳ ᠠᠮᠢ ᠠᠬᠤᠢ ᠣᠷᠴᠢᠨ ᠲᠣᠭᠤᠷᠢᠨ ᠤᠨ ᠵᠠᠩᠭᠢᠯᠠᠭ᠎ᠠ ᠶᠢᠨ ᠶᠠᠪᠤᠴᠠ ᠶᠢ ᠣᠶᠤᠨᠴᠢ ᠪᠠᠷ ᠬᠢᠨᠠᠨ ᠰᠢᠨᠵᠢᠯᠡᠬᠦ ᠳᠠᠭᠤᠷᠢᠶᠠᠮᠠᠯ ᠮᠡᠷᠭᠡᠵᠢᠯ ᠤᠨ ᠰᠤᠳᠤᠯᠤᠯ》 ᠵᠡᠷᠭᠡ 6《ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ》ᠲᠥᠷᠥᠯ ᠵᠦᠢᠯ ᠤᠨ ᠨᠡᠷᠡᠰ ᠢ ᠪᠠᠭᠲᠠᠭᠠᠵᠤ᠂ ᠡᠳ᠋ ᠤᠨ ᠵᠠᠰᠠᠭ ᠤᠨ ᠲᠥᠰᠥᠪ ᠤᠨ ᠶᠡᠷᠦᠩᠬᠡᠢ ᠣᠷᠣᠭᠤᠯᠤᠯᠲᠠ ᠨᠢ 5200 ᠲᠦᠮᠡᠨ ᠲᠥᠭᠦᠷᠢᠭ ᠪᠠᠶᠢᠵᠤ᠂ 3 ᠵᠢᠯ ᠤᠨ ᠬᠤᠭᠤᠴᠠᠭ᠎ᠠ ᠲᠠᠢ ᠬᠡᠷᠡᠭᠵᠢᠭᠦᠯᠬᠦ ᠪᠠᠷ ᠲᠥᠯᠥᠪᠯᠡᠵᠦ ᠪᠠᠶᠢᠨ᠎ᠠ᠃
ᠣᠶᠢᠯᠠᠭᠠᠭᠰᠠᠨ ᠢᠶᠠᠷ᠂ ᠲᠤᠰ ᠤᠳᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ 《ᠵᠠᠷᠯᠠᠯ ᠬᠦᠯᠢᠶᠡᠵᠦ ᠬᠤᠰᠢᠭᠤᠷᠠᠨ ᠠᠵᠢᠯᠯᠠᠬᠤ》 ᠲᠦᠷᠦᠯ ᠵᠦᠢᠯ ᠤᠨ ᠠᠵᠤ ᠠᠬᠤᠶᠢᠯᠠᠯ ᠤᠨ ᠵᠠᠷᠯᠠᠯ ᠬᠦᠯᠢᠶᠡᠭᠰᠡᠨ ᠲᠠᠯ᠎ᠠ ᠨᠢ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠤᠨ ᠭᠤᠶᠤᠴᠢᠯᠠᠨ ᠮᠡᠳᠡᠭᠦᠯᠬᠦ ᠱᠠᠭᠠᠷᠳᠠᠯᠭ᠋ ᠲᠠᠢ᠃ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠡᠭᠦᠷᠭᠡᠯᠡᠬᠦ ᠪᠠᠷ ᠭᠤᠣᠯ ᠡᠭᠦᠷᠭᠡ ᠪᠠᠨ ᠪᠣᠯᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠬᠤᠯᠪᠣᠭᠠᠰᠤ ᠪᠣᠯᠭᠠᠨ ᠰᠠᠶᠢᠨ ᠳᠤᠷ᠎ᠠ ᠠᠴᠠ ᠪᠠᠨ ᠵᠣᠬᠢᠶᠠᠨ ᠪᠠᠶᠢᠭᠤᠯᠬᠤ ᠶᠢᠨ ᠬᠠᠮᠲᠤ ᠨᠡᠷᠡᠰ ᠤᠨ ᠵᠢᠭᠰᠠᠭᠠᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ ᠵᠠᠩᠭᠢᠯᠠᠭ᠎ᠠ ᠶᠢᠨ ᠮᠡᠷᠭᠡᠵᠢᠯ ᠢ ᠪᠣᠳᠠᠲᠠᠢ ᠰᠢᠢᠳᠪᠦᠷᠢᠯᠡᠨ ᠬᠡᠷᠡᠭᠵᠢᠭᠦᠯᠬᠦ ᠲᠥᠰᠥᠯ ᠢ ᠳᠤᠷᠠᠳᠤᠨ ᠭᠠᠷᠭᠠᠵᠤ᠂ ᠵᠢᠱᠢᠭᠰᠡᠨ ᠪᠥᠬᠦ ᠬᠠᠷᠠᠯᠲᠠ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠪᠡᠯᠡ ᠮᠥᠩᠭᠦ ᠶᠢ ᠵᠠᠷᠯᠠᠯ ᠬᠦᠯᠢᠶᠡᠭᠰᠡᠨ ᠲᠠᠯ᠎ᠠ ᠶᠢᠨ ᠠᠵᠤ ᠠᠬᠤᠶᠢᠯᠠᠯ ᠪᠠ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠮᠥᠩᠭᠦ ᠠᠴᠠ ᠬᠠᠮᠲᠤ ᠪᠠᠷ ᠭᠠᠷᠭᠠᠵᠤ᠂ ᠵᠢᠱᠢᠶ᠎ᠡ ᠦᠵᠡᠭᠦᠯᠬᠦ ᠢᠨᠵᠧᠨᠧᠷᠢᠩ ᠤᠨ ᠭᠤᠣᠯᠳᠠᠯᠭ᠎ᠠ ᠲᠠᠢ ᠦᠢᠯᠡᠳᠬᠦᠨ ᠪᠠ ᠴᠢᠬᠤᠯᠠ ᠶᠡᠭᠡ ᠦᠷ᠎ᠡ ᠪᠦᠲᠦᠭᠡᠯ ᠤᠨ ᠬᠡᠷᠡᠭᠯᠡᠯᠲᠡ ᠳᠡᠯᠭᠡᠷᠡᠭᠦᠯᠦᠯᠲᠡ ᠶᠢ ᠠᠬᠢᠭᠤᠯᠤᠨ᠎ᠠ᠃ ᠣᠷᠣᠨ ᠨᠤᠲᠤᠭ ᠤᠨ ᠪᠡᠯᠡ ᠮᠥᠩᠭᠦ ᠶᠢᠨ ᠢᠵᠢ ᠪᠦᠷᠢᠳᠦᠭᠰᠡᠨ ᠲᠥᠷᠥ ᠶᠢᠨ ᠪᠣᠳᠣᠯᠭ᠎ᠠ ᠲᠠᠢ ᠵᠠᠷᠯᠠᠯ ᠬᠦᠯᠢᠶᠡᠭᠰᠡᠨ ᠲᠠᠯ᠎ᠠ ᠶᠢ ᠤᠷᠢᠳ ᠢᠶᠠᠷ ᠳᠡᠮᠵᠢᠵᠦ᠂ ᠠᠶᠢᠮᠠᠭ ᠬᠤᠲᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠲᠠᠢ ᠬᠠᠮᠲᠤ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠢ ᠬᠠᠮᠲᠤ ᠪᠠᠷ ᠠᠬᠢᠭᠤᠯᠤᠨ ᠬᠡᠷᠡᠭᠵᠢᠭᠦᠯᠦᠨ᠎ᠡ᠃