ᠵᠤᠬᠢᠶᠠᠭᠴᠢ:
ᠴᠠᠭ:2023-04-07
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ ᠪᠣᠢ
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠠᠴᠠ ᠶᠠᠪᠤᠭᠳᠠᠭᠤᠯᠤᠭᠰᠠᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠂ ᠡᠨᠡ ᠵᠢᠯ ᠮᠠᠨ ᠤ ᠣᠷᠣᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠭᠤᠶᠤᠴᠢᠯᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ ᠂ ᠮᠡᠷᠭᠡᠵᠢᠯ ᠤᠨ ᠴᠣᠯᠠ ᠦᠨᠡᠯᠡᠬᠦ ᠪᠠᠷᠢᠮᠵᠢᠶ᠎ᠠ ᠶᠢ ᠰᠢᠨᠡᠴᠢᠯᠡᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠷᠭᠡᠵᠢᠯ ᠤᠨ ᠴᠣᠯᠠ ᠰᠢᠯᠭᠠᠷᠠᠭᠤᠯᠤᠨ ᠦᠨᠡᠯᠡᠬᠦ ᠳᠤ ᠠᠳᠠᠯᠢ ᠲᠡᠭᠰᠢ ᠬᠠᠷᠠᠭᠠᠯᠵᠠᠯ ᠭᠥᠷᠳᠡᠬᠦ ᠶᠢ ᠪᠠᠲᠤᠯᠠᠵᠤ ᠪᠣᠢ᠃
ᠣᠶᠢᠯᠠᠭᠠᠭᠰᠠᠨ ᠢᠶᠠᠷ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠨᠢ ᠲᠠᠩᠰᠠ ᠡᠪᠬᠡᠮᠡᠯ ᠢ ᠬᠠᠳᠠᠭᠠᠯᠠᠵᠤ ᠪᠠᠶᠢᠭ᠎ᠠ ᠴᠢᠳᠠᠪᠤᠷᠢᠲᠠᠨ ᠤ ᠰᠣᠯᠢᠯᠴᠠᠭᠠᠨ ᠤ ᠦᠢᠯᠡᠴᠢᠯᠡᠭᠡᠨ ᠤ ᠪᠠᠶᠢᠭᠤᠯᠤᠮᠵᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯ ᠲᠥᠷᠥᠯ ᠤᠨ ᠨᠡᠶᠢᠭᠡᠮᠯᠢᠭ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠠᠵᠢᠯᠯᠠᠵᠤ ᠪᠠᠶᠢᠭ᠎ᠠ ᠨᠢᠭᠡᠴᠢ ᠶᠢᠨ ᠪᠠᠶᠢᠭ᠎ᠠ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠤ ᠮᠡᠷᠭᠡᠵᠢᠯ ᠤᠨ ᠴᠣᠯᠠ ᠰᠢᠯᠭᠠᠷᠠᠭᠤᠯᠤᠨ ᠦᠨᠡᠯᠡᠭᠦᠯᠬᠦ ᠪᠠᠷ ᠭᠤᠶᠤᠴᠢᠯᠠᠵᠤ ᠪᠣᠯᠣᠨ᠎ᠠ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠦᠢᠯᠡᠳᠪᠦᠷᠢ ᠳᠤ ᠰᠠᠭᠤᠨ ᠴᠡᠭ ᠲᠣᠬᠢᠷᠠᠭᠤᠯᠬᠤ ᠂ ᠣᠷᠣᠯᠠᠨ ᠭᠦᠢᠴᠡᠳᠬᠡᠬᠦ ᠪᠠᠶᠢᠭᠤᠯᠤᠮᠵᠢ ᠪᠠᠶᠢᠭᠤᠯᠬᠤ᠂ ᠠᠵᠢᠯ ᠶᠠᠪᠤᠳᠠᠯ ᠭᠦᠢᠴᠡᠳᠬᠡᠬᠦ ᠲᠢᠩᠬᠢᠮ ᠳᠤ ᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠨ ᠵᠦᠢᠯ ᠢ ᠪᠠᠲᠤᠯᠠᠬᠤ ᠲᠣᠭᠲᠠᠴᠠ ᠶᠢ ᠪᠠᠶᠢᠭᠤᠯᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠠᠵᠢᠯᠲᠠᠨ ᠤ ᠡᠷᠬᠡ ᠲᠡᠭᠰᠢ ᠪᠠᠷ ᠮᠡᠷᠭᠡᠵᠢᠯ ᠤᠨ ᠴᠣᠯᠠ ᠰᠢᠯᠭᠠᠷᠠᠭᠤᠯᠤᠨ ᠦᠨᠡᠯᠡᠬᠦ ᠳᠤ ᠣᠷᠤᠯᠴᠠᠬᠤ ᠶᠢ ᠪᠠᠲᠤᠯᠠᠨ᠎ᠠ᠃ ᠡᠭᠦᠨ ᠤ ᠬᠠᠮᠲᠤ᠂ ᠵᠢᠩᠬᠢᠨᠢ ᠠᠩᠭᠢ ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠲᠤᠰᠬᠠᠢ ᠮᠡᠷᠭᠡᠵᠢᠯ ᠤᠨ ᠠᠩᠭᠢ ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ᠂ ᠵᠢᠩᠬᠢᠨᠢ ᠠᠩᠭᠢ ᠠᠴᠠ ᠲᠡᠭᠦᠰᠦᠭᠰᠡᠨ ᠪᠥᠭᠡᠳ ᠲᠤᠰᠬᠠᠢ ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠨᠢ ᠬᠡᠷᠪᠡ ᠲᠣᠬᠢᠷᠠᠯᠴᠠᠭᠰᠠᠨ ᠠᠵᠢᠯ ᠤᠨ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠪᠡᠯ᠂ ᠳᠤᠮᠳᠠ ᠵᠡᠷᠭᠡ ᠶᠢᠨ ᠪᠠ ᠳᠡᠭᠡᠳᠦ ᠵᠡᠷᠭᠡ ᠶᠢᠨ ᠳᠡᠳ᠋ ᠮᠡᠷᠭᠡᠵᠢᠯ ᠤᠨ ᠴᠣᠯᠠ ᠪᠠᠷ ᠰᠢᠭᠤᠳ ᠭᠤᠶᠤᠴᠢᠯᠠᠨ ᠮᠡᠳᠡᠭᠦᠯᠵᠦ ᠪᠣᠯᠣᠨ᠎ᠠ᠃
ᠡᠭᠦᠨ ᠠᠴᠠ ᠭᠠᠳᠠᠨ᠎ᠠ᠂ ᠮᠠᠨ ᠤ ᠣᠷᠣᠨ 《ᠲᠤᠰᠬᠠᠢ ᠂ ᠰᠢᠯᠢᠳᠡᠭ᠂ ᠣᠨᠴᠠ ᠂ ᠰᠢᠨ᠎ᠡ》 ᠂ 《ᠦᠶᠯᠡᠳᠬᠦ ᠦᠢᠯᠡᠰ ᠤᠨ ᠮᠠᠩᠯᠠᠢ》 ᠠᠵᠤ ᠠᠬᠤᠶᠢᠯᠠᠯ ᠤᠨ ᠴᠢᠳᠠᠪᠤᠷᠢᠲᠠᠨ ᠳᠤ ᠲᠤᠰᠠᠭᠠᠷ ᠳᠤᠭᠤᠶᠢᠯᠠᠩ ᠬᠤᠪᠢᠶᠠᠬᠤ᠂ ᠲᠤᠰᠠᠭᠠᠷ ᠬᠢᠨᠠᠨ ᠰᠢᠯᠭᠠᠷᠠᠭᠤᠯᠬᠤ ᠶᠢ ᠬᠡᠷᠡᠭᠵᠢᠭᠦᠯᠵᠦ᠂ ᠰᠤᠷᠤᠯᠭ᠎ᠠ ᠶᠢᠨ ᠨᠠᠮᠲᠠᠷ᠂ ᠲᠤᠰᠢᠶᠠᠯ ᠡᠭᠦᠷᠭᠡᠯᠡᠭᠰᠡᠨ ᠵᠢᠯ᠂ ᠥᠭᠦᠯᠡᠯ ᠵᠡᠷᠭᠡ ᠱᠠᠭᠠᠷᠳᠠᠯᠭ᠎ᠠ ᠶᠢ ᠠᠭᠤᠵᠢᠭᠤ ᠲᠠᠯᠪᠢᠵᠤ ᠂ ᠮᠡᠷᠭᠡᠵᠢᠯ ᠤᠨ ᠰᠢᠨ᠎ᠡ ᠡᠭᠦᠳᠦᠯᠲᠡ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠪᠠᠷ ᠣᠯᠣᠭᠰᠠᠨ ᠠᠮᠵᠢᠯᠲᠠ ᠪᠦᠲᠦᠮᠵᠢ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢᠶᠠᠷ ᠭᠤᠣᠯ ᠰᠢᠯᠭᠠᠷᠠᠭᠤᠯᠤᠨ ᠦᠨᠡᠯᠡᠬᠦ ᠭᠦᠢᠴᠡᠳᠬᠡᠯ ᠲᠤᠭ᠎ᠠ ᠪᠣᠯᠭᠠᠨ᠎ᠠ᠃
ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠲᠤᠰᠬᠠᠢ ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠢᠯᠡᠷᠬᠡᠶᠢᠯᠡᠬᠦ ᠳᠤ ᠪᠠᠨ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠣᠭᠤᠷᠢᠨ ᠳᠤ᠂ ᠪᠢᠳᠡ ᠠᠷᠭ᠎ᠠ ᠵᠠᠮ ᠲᠣᠬᠢᠷᠠᠭᠤᠯᠬᠤ ᠂ ᠬᠦᠯᠢᠶᠡᠨ ᠠᠪᠴᠤ ᠦᠢᠯᠡᠴᠢᠯᠡᠬᠦ ᠂ ᠲᠥᠷᠥ ᠶᠢᠨ ᠪᠣᠳᠣᠯᠭ᠎ᠠ ᠬᠠᠩᠭᠠᠬᠤ ᠵᠡᠷᠭᠡ ᠲᠠᠯ᠎ᠠ ᠪᠠᠷ ᠭᠦᠢᠴᠡᠳ ᠬᠦᠴᠦᠯᠡᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠢ ᠨᠡᠭᠡᠭᠡᠨ ᠬᠥᠭᠵᠢᠭᠦᠯᠬᠦ ᠪᠠ ᠬᠡᠷᠡᠭᠯᠡᠬᠦ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠴᠢᠳᠠᠪᠤᠷᠢᠲᠠᠨ ᠳᠤ ᠳᠦᠷᠢᠮ ᠤᠨ ᠠᠰᠢᠭ ᠲᠤᠰᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠦᠷᠲᠡᠭᠡᠵᠦ ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠢ᠃