ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠤᠳᠠᠭ᠎ᠠ ᠡᠸᠦ᠋ᠷᠦᠫᠡ ᠲᠢᠪ ᠲᠤ ᠭᠠᠷᠭᠠᠪᠠ
《ᠤᠷᠭᠤᠮᠠᠯ ᠤᠨ ᠬᠢᠵᠢᠭ ᠢ ᠪᠠᠶᠢᠴᠠᠭᠠᠭᠰᠠᠨ ᠦᠨᠡᠮᠯᠡᠯ ᠪᠣᠯᠣᠨ ᠡᠷᠡᠭᠦᠯ ᠮᠡᠨᠳᠦ ᠶᠢᠨ ᠦᠨᠡᠮᠯᠡᠯ ᠢ ᠨᠢᠭᠡᠨᠲᠡ ᠬᠢᠨᠠᠨ ᠬᠠᠷᠭᠤᠭᠤᠯᠵᠤ ᠭᠠᠷ ᠤᠨ ᠦᠰᠦᠭ ᠵᠢᠷᠤᠭᠰᠠᠨ ᠪᠣᠯᠬᠤᠷ ᠲᠠ ᠡᠨᠡ ᠦᠳᠡ ᠶᠢᠨ ᠬᠤᠶᠢᠨ᠎ᠠ ᠦᠨᠡᠮᠯᠡᠯ ᠢᠶᠠᠨ ᠠᠪᠴᠤ ᠪᠣᠯᠣᠨ᠎ᠠ》ᠭᠡᠵᠦ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠭᠤᠷᠪᠠᠳᠤᠭᠠᠷ ᠰᠠᠯᠠᠭ᠎ᠠ ᠶᠢᠨ ᠸᠠᠩ ᠶᠠ ᠨᠠᠨ ᠤᠲᠠᠰᠤ ᠪᠠᠷ ᠰᠢᠯᠢ ᠶᠢᠨ ᠭᠤᠣᠯ ᠠᠶᠢᠮᠠᠭ ᠤᠨ ᠿᠢ ᠱᠧᠩ ᠴᠠᠩ ᠲᠠᠷᠢᠶᠠᠯᠠᠩ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠦᠨᠡᠮᠯᠡᠯ ᠢᠶᠠᠨ ᠠᠪᠬᠤ ᠲᠤᠬᠠᠢ ᠮᠡᠳᠡᠭᠳᠡᠪᠡ ᠃
ᠣᠶᠢᠷ᠎ᠠ ᠳᠤ ᠂ ᠰᠢᠯᠢ ᠶᠢᠨ ᠭᠤᠣᠯ ᠠᠶᠢᠮᠠᠭ ᠤᠨ ᠿᠢ ᠱᠧᠩ ᠴᠠᠩ ᠲᠠᠷᠢᠶᠠᠯᠠᠩ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠠᠴᠠ 1000 ᠺᠢᠯᠣᠭ᠍ᠷᠠᠮ ᠨᠡᠷᠡᠨ ᠬᠤᠸᠠᠷ ᠤᠨ ᠦᠷ᠎ᠡ ᠪᠣᠯᠣᠨ 2000 ᠺᠢᠯᠣᠭ᠍ᠷᠠᠮ ᠨᠣᠬᠠᠢ ᠶᠢᠨ ᠬᠤᠰᠢᠭᠤ ᠶᠢ ᠤᠷᠤᠰ ᠤᠯᠤᠰ ᠲᠤ ᠭᠠᠷᠭᠠᠬᠤ ᠪᠠᠷ ᠭᠤᠶᠤᠴᠢᠯᠠᠪᠠ ᠃ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠭᠰᠠᠨ ᠤ ᠳᠠᠷᠠᠭ᠎ᠠ ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠬᠢᠨ ᠲᠡᠷᠡ ᠳᠠᠷᠤᠢ ᠳᠤ ᠨᠢ ᠬᠠᠷᠢᠶ᠎ᠠ ᠭᠠᠵᠠᠷ ᠲᠤ ᠨᠢ ᠪᠠᠶᠢᠴᠠᠭᠠᠨ ᠰᠢᠯᠭᠠᠬᠤ ᠰᠠᠭᠠᠳ ᠦᠭᠡᠢ ᠪᠣᠯᠵᠣᠬᠤ ᠦᠢᠯᠡᠴᠢᠯᠡᠭᠡ ᠶᠢ ᠨᠡᠭᠡᠭᠡᠵᠦ ᠂ 《 ᠮᠡᠳᠡᠭᠦᠯᠦᠭᠰᠡᠨ ᠳᠠᠷᠤᠢ ᠳᠤ ᠨᠢ ᠪᠠᠶᠢᠴᠠᠭᠠᠨ ᠂ ᠦᠨᠡᠮᠯᠡᠯ ᠢ ᠲᠦᠷᠭᠡᠨ ᠣᠯᠭᠤᠬᠤ 》 ᠶᠢ ᠬᠡᠷᠡᠭᠵᠢᠭᠦᠯᠵᠦ ᠂ ᠪᠠᠷᠠᠭ᠎ᠠ ᠲᠠᠸᠠᠷ ᠤᠨ ᠪᠣᠭᠤᠮᠲᠠ ᠪᠠᠷ ᠲᠦᠷᠭᠡᠨ ᠪᠥᠭᠡᠳ ᠰᠠᠭᠠᠳ ᠦᠭᠡᠢ ᠥᠩᠭᠡᠷᠡᠬᠦ ᠶᠢ ᠪᠠᠲᠤᠯᠠᠪᠠ ᠃
ᠡᠨᠡ ᠪᠦᠯᠦᠭ ᠨᠡᠷᠡᠨ ᠬᠤᠸᠠᠷ ᠤᠨ ᠦᠷ᠎ᠡ ᠪᠣᠯᠣᠨ ᠨᠣᠬᠠᠢ ᠶᠢᠨ ᠬᠤᠰᠢᠭᠤ ᠨᠢ ᠴᠥᠮ ᠲᠠᠶᠢᠹᠤᠰᠧ ᠬᠤᠰᠢᠭᠤᠨ ᠳᠤ ᠲᠠᠷᠢᠭᠰᠠᠨ ᠲᠠᠷᠢᠶᠠᠯᠠᠩ ᠤᠨ ᠪᠦᠲᠦᠭᠡᠭᠳᠡᠬᠦᠨ ᠪᠠᠶᠢᠵᠤ᠂ ᠡᠨᠡ ᠨᠢ ᠮᠥᠨ ᠴᠦ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠢᠶᠠᠨ ᠠᠩᠬ᠎ᠠ ᠤᠳᠠᠭ᠎ᠠ ᠡᠸᠦ᠋ᠷᠦᠫᠡ ᠲᠢᠪ ᠲᠤ ᠭᠠᠷᠭᠠᠵᠤ ᠪᠠᠶᠢᠭ᠎ᠠ ᠶᠠᠪᠤᠳᠠᠯ ᠪᠣᠯᠣᠨ᠎ᠠ ᠃
ᠺᠣᠮᠫᠠᠨᠢ ᠶᠢᠨ ᠬᠠᠷᠢᠭᠤᠴᠠᠯᠭᠠᠲᠠᠨ ᠹᠧᠩ ᠮᠢᠨ ᠬᠡᠯᠡᠬᠦ ᠳᠤ ᠪᠠᠨ ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠬᠢᠨ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠮᠡᠳᠡᠭᠰᠡᠨ ᠤ ᠳᠠᠷᠠᠭ᠎ᠠ ᠂ ᠰᠠᠨᠠᠭᠠᠴᠢᠯᠠᠭ᠎ᠠ ᠠᠴᠠ ᠪᠠᠨ ᠬᠠᠷᠢᠯᠴᠠᠵᠤ ᠂ ᠭᠠᠳᠠᠭᠠᠳᠤ ᠭᠠᠷᠭᠠᠯᠲᠠ ᠶᠢᠨ ᠲᠥᠯᠥᠪᠯᠡᠭᠡ ᠶᠢ ᠨᠢ ᠣᠶᠢᠯᠠᠭᠠᠵᠤ ᠂ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠠᠵᠢᠯ ᠤᠨ ᠠᠯᠬᠤᠮ ᠳᠠᠷᠠᠭᠠᠯᠠᠯ ᠢ ᠲᠠᠨᠢᠯᠴᠠᠭᠤᠯᠪᠠ ᠃ ᠬᠠᠯᠠᠭᠤᠮᠰᠤᠭ ᠦᠢᠯᠡᠴᠢᠯᠡᠭᠡ ᠨᠢ ᠪᠢᠳᠡᠨ ᠲᠠᠷᠢᠶᠠᠯᠠᠩ ᠤᠨ ᠪᠦᠲᠦᠭᠡᠭᠳᠡᠬᠦᠨ ᠢᠶᠠᠨ ᠭᠠᠳᠠᠭᠠᠳᠤ ᠳᠤ ᠭᠠᠷᠭᠠᠬᠤ ᠢᠲᠡᠭᠡᠯ ᠢ ᠤᠯᠠᠮ ᠨᠡᠮᠡᠭᠳᠡᠭᠦᠯᠵᠦ ᠂ ᠢᠷᠡᠭᠡᠳᠦᠢ ᠳᠤ ᠭᠠᠳᠠᠭᠠᠳᠤ ᠭᠠᠷᠭᠠᠯᠲᠠ ᠪᠠᠨ ᠦᠷᠭᠦᠯᠵᠢᠯᠡᠨ ᠥᠷᠭᠡᠳᠬᠡᠵᠦ ᠂ ᠨᠡᠩ ᠤᠯᠠᠨ ᠲᠠᠷᠢᠶᠠᠯᠠᠬᠤ ᠡᠷᠦᠬᠡ ᠶᠢ ᠳᠠᠭᠠᠭᠤᠯᠤᠨ ᠣᠷᠣᠯᠭ᠎ᠠ ᠪᠠᠨ ᠨᠡᠮᠡᠭᠳᠡᠭᠦᠯᠦᠨ ᠠᠮᠢᠳᠤᠷᠠᠯ ᠢᠶᠠᠨ ᠴᠢᠨᠡᠭᠡᠯᠢᠭᠵᠢᠭᠦᠯᠬᠦ ᠪᠣᠯᠣᠨ᠎ᠠ ᠭᠡᠵᠡᠢ ᠃
ᠰᠢᠯᠢ ᠶᠢᠨ ᠭᠤᠣᠯ ᠠᠶᠢᠮᠠᠭ ᠤᠨ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠥᠭᠵᠢᠯᠲᠡ ᠶᠢ ᠶᠡᠭᠡ ᠪᠠᠷ ᠳᠡᠮᠵᠢᠵᠦ᠂ ᠬᠠᠷᠢᠶ᠎ᠠ ᠭᠠᠵᠠᠷ ᠢ ᠬᠠᠪᠰᠤᠷᠤᠨ ᠲᠠᠷᠢᠶᠠᠯᠠᠩ ᠤᠨ ᠪᠦᠲᠦᠭᠡᠭᠳᠡᠬᠦᠨ ᠤ ᠳᠡᠯᠡᠬᠡᠢ ᠶᠢᠨ ᠵᠠᠬ᠎ᠠ ᠳᠡᠯᠭᠡᠭᠦᠷ ᠢ ᠨᠡᠭᠡᠭᠡᠨ᠂ ᠭᠠᠳᠠᠭᠠᠳᠤ ᠠᠷᠠᠯᠵᠢᠶᠠᠨ ᠤ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠲᠥᠯᠥᠭᠡ ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠬᠢᠨ ᠲᠤᠬᠠᠶᠢᠯᠠᠭᠰᠠᠨ ᠠᠵᠢᠯ ᠢᠶᠠᠨ ᠰᠠᠨᠠᠭᠠᠴᠢᠯᠠᠭ᠎ᠠ ᠠᠴᠠ ᠪᠠᠨ ᠬᠢᠵᠦ᠂ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠲᠤ ᠭᠦᠨᠵᠡᠭᠡᠶᠢᠷᠡᠨ ᠂ ᠡᠯ᠎ᠡ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠲᠤ ᠬᠦᠷᠴᠦ ᠂ ᠠᠵᠤ ᠠᠬᠤᠶᠢᠯᠠᠯ ᠳᠤ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠪᠣᠯᠣᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠬᠦᠷᠭᠡᠨ ᠥᠭᠴᠦ ᠂ ᠠᠵᠤ ᠠᠬᠤᠶᠢᠯᠠᠯ ᠢ ᠵᠢᠯᠣᠭᠤᠳᠤᠨ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠂ ᠦᠢᠯᠡᠳᠪᠦᠷᠢᠯᠡᠵᠦ ᠡᠳ᠋ᠰᠢᠭᠦᠯᠬᠦ ᠂ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠠᠬᠢ ᠲᠦᠭᠰᠢᠭᠦᠷᠢ ᠶᠢᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠤᠨ ᠂ ᠠᠵᠤ ᠠᠬᠤᠶᠢᠯᠠᠯ ᠤᠨ ᠪᠣᠭᠤᠮᠲᠠ ᠪᠠᠷ ᠥᠩᠭᠡᠷᠡᠬᠦ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ ᠲᠦᠪᠡᠭᠲᠡᠢ ᠠᠰᠠᠭᠤᠳᠠᠯ ᠢ ᠴᠤᠭᠯᠠᠭᠤᠯᠤᠨ ᠰᠢᠢᠳᠪᠦᠷᠢᠯᠡᠵᠦ ᠂ ᠴᠠᠭ ᠲᠤᠬᠠᠢ ᠳᠤ ᠨᠢ ᠪᠠᠶᠢᠳᠠᠯ ᠢ ᠣᠢᠯᠠᠭᠠᠵᠦ ᠂ ᠨᠢᠭᠡᠳ ᠨᠢᠭᠡ ᠪᠠᠷ ᠰᠢᠢᠳᠪᠦᠷᠢᠯᠡᠨ ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠢ ᠬᠠᠪᠰᠤᠷᠤᠨ ᠰᠡᠳᠬᠢᠮᠵᠢ ᠶᠢ ᠨᠢ ᠥᠷᠭᠡᠳᠬᠡᠵᠦ ᠂ ᠣᠯᠠᠨ ᠤᠯᠤᠰ ᠤᠨ ᠵᠠᠬ᠎ᠠ ᠳᠡᠯᠭᠡᠭᠦᠷ ᠢ ᠬᠠᠷᠠᠭᠠᠯᠠᠨ ᠂ ᠰᠢᠯᠢ ᠶᠢᠨ ᠭᠤᠣᠯ ᠤᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠵᠣᠷᠢᠭᠰᠠᠭᠠᠷ ᠪᠠᠶᠢᠨ᠎ᠠ ᠃
ᠲᠤᠭ᠎ᠠ ᠪᠠᠷᠢᠮᠲᠠ ᠶᠢᠨ ᠢᠯᠡᠷᠡᠭᠦᠯᠦᠭᠰᠡᠨ ᠢᠶᠠᠷ ᠂ ᠡᠨᠡ ᠵᠢᠯ ᠤᠨ ᠡᠬᠢᠨ ᠤ 2 ᠰᠠᠷ᠎ᠠ ᠳᠤ ᠂ ᠵᠡᠭᠦᠨ ᠦᠵᠦᠮᠦᠴᠢᠨ ᠬᠤᠰᠢᠭᠤᠨ ᠤ ᠪᠣᠭᠤᠮᠲᠠ ᠶᠢᠨ ᠬᠠᠷᠢᠶ᠎ᠠ ᠣᠷᠣᠨ ᠤ ᠬᠢᠨ ᠨᠡᠶᠢᠲᠡ 1148.69 ᠲᠣᠨ ᠬᠥᠯᠳᠡᠭᠡᠭᠰᠡᠨ ᠲᠥᠮᠥᠰᠥ ᠂ 2 ᠲᠣᠨ ᠬᠥᠯᠳᠡᠭᠡᠭᠰᠡᠨ ᠬᠤᠨᠢᠨ ᠮᠢᠬ᠎ᠠ ᠂ 1 ᠲᠣᠨ ᠨᠡᠷᠡᠨ ᠬᠤᠸᠠᠷ ᠤᠨ ᠦᠷ᠎ᠡ ᠂ 2 ᠲᠣᠨ ᠨᠣᠬᠠᠢ ᠶᠢᠨ ᠬᠤᠰᠢᠭᠤ ᠶᠢ ᠭᠠᠳᠠᠭᠠᠳᠤ ᠳᠤ ᠭᠠᠷᠭᠠᠵᠤ ᠂ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠬᠤ ᠪᠠᠶᠢᠳᠠᠯ ᠨᠢ ᠰᠠᠶᠢᠨ ᠪᠠᠶᠢᠨ᠎ᠠ ᠃