ᠵᠤᠬᠢᠶᠠᠭᠴᠢ:
ᠴᠠᠭ:2023-03-31
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠣᠷᠳᠣᠰ 10 ᠬᠡᠰᠡᠭ ᠵᠠᠰᠠᠮᠠᠯ ᠵᠠᠮ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠨᠡᠪᠲᠡᠷᠡᠬᠦ ᠰᠦᠢᠳᠬᠡᠯ ᠢ 20% ᠪᠠᠷ ᠬᠢᠮᠳᠠᠷᠠᠭᠤᠯᠪᠠ
ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ 3 ᠳ᠋ᠤᠭᠠᠷ ᠰᠠᠷ᠎ᠠ ᠶᠢᠨ 15 ᠤ ᠡᠳᠦᠷ ᠠᠴᠠ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠣᠷᠳᠣᠰ ᠬᠤᠲᠠ ᠶᠢᠨ ᠭᠠᠵᠠᠷ ᠨᠤᠲᠤᠭ ᠲᠠᠬᠢ ᠵᠠᠰᠠᠭ ᠤᠨ ᠣᠷᠳᠣᠨ ᠠᠴᠠ ᠵᠢᠭᠡᠯᠡᠯᠭᠡ ᠪᠤᠴᠠᠭᠠᠵᠤ ᠰᠦᠢᠳᠬᠡᠯ ᠬᠤᠷᠢᠶᠠᠬᠤ 10 ᠬᠡᠰᠡᠭ ᠵᠠᠰᠠᠮᠠᠯ ᠵᠠᠮ ᠤᠨ ᠰᠢᠨ᠎ᠡ ᠡᠨᠧᠷᠭᠢ ᠶᠢᠨ ᠮᠠᠰᠢᠨ ᠲᠡᠷᠭᠡ ᠨᠡᠪᠲᠡᠷᠡᠬᠦ ᠰᠦᠢᠳᠬᠡᠯ ᠢ 20% ᠪᠠᠷ ᠬᠢᠮᠳᠠᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ ᠃ ᠡᠭᠦᠨ ᠳᠤ ᠂ ᠵᠠᠷᠢᠮ ᠬᠡᠰᠡᠭ ᠵᠠᠰᠠᠮᠠᠯ ᠵᠠᠮ ᠳᠤ ᠤᠤᠯ ᠤᠨ ᠪᠠᠶᠢᠭᠰᠠᠨ ETC ᠶᠢᠨ ᠬᠢᠮᠳᠠᠷᠠᠯ ᠤᠨ ᠰᠠᠭᠤᠷᠢᠨ ᠳᠡᠭᠡᠷ᠎ᠡ ᠲᠣᠰ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠳᠠᠪᠬᠤᠷᠳᠠᠭᠤᠯᠤᠨ ᠬᠡᠷᠡᠭᠵᠢᠭᠦᠯᠦᠨ᠎ᠡ ᠃
ᠲᠣᠰ ᠤᠳᠠᠭᠠᠨ ᠤ ᠰᠢᠨ᠎ᠡ ᠡᠨᠧᠷᠭᠢ ᠶᠢᠨ ᠮᠠᠰᠢᠨ ᠲᠡᠷᠭᠡ ᠠᠴᠠ ᠵᠦᠷᠢᠶᠡᠴᠢᠯᠡᠨ ᠰᠦᠢᠳᠬᠡᠯ ᠬᠤᠷᠢᠶᠠᠬᠤ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠥᠬᠦ ᠣᠷᠳᠣ ᠨᠢ 1164 ᠺᠢᠯᠣᠮᠧᠲᠷ ᠲᠤ ᠬᠦᠷᠴᠦ᠂ ᠵᠦᠷᠢᠶᠡᠴᠢᠯᠡᠨ ᠰᠦᠢᠳᠬᠡᠯ ᠬᠤᠷᠢᠶᠠᠬᠤ ᠠᠷᠭ᠎ᠠ ᠬᠡᠮᠵᠢᠶ᠎ᠡ ᠨᠢ ᠣᠷᠳᠣᠰ ᠬᠤᠲᠠ ᠶᠢᠨ ᠤᠯᠤᠰ ᠤᠨ ᠪᠠ ᠮᠤᠵᠢ ᠶᠢᠨ ᠥᠨᠳᠥᠷ ᠵᠡᠷᠭᠡᠯᠡᠯ ᠤᠨ ᠵᠠᠰᠠᠮᠠᠯ ᠵᠠᠮ ᠤᠨ ᠪᠥᠬᠦ ᠣᠷᠳᠣ ᠶᠢᠨ 68% ᠶᠢ ᠬᠠᠮᠤᠷᠤᠭᠤᠯᠪᠠ ᠃ ᠲᠦᠷᠭᠡᠨ ᠤ ᠵᠠᠮ ᠤᠨ ᠬᠡᠷᠡᠭᠵᠢᠭᠦᠯᠬᠦ ᠬᠡᠰᠡᠭ ᠲᠤ ᠲᠣᠰ ᠲᠣᠰ S26 ᠶᠢᠨ ᠣᠯᠵᠠᠴᠢ ᠠᠴᠠ ᠳ᠋ᠦᠩ ᠳ᠋ᠣᠣ ᠯᠢᠶᠠᠩ ᠬᠦᠷᠬᠦ ᠬᠡᠰᠡᠭ᠂ S24 ᠶᠢᠨ ᠶᠡᠭᠡ ᠵᠠᠮ ᠠᠴᠠ ᠪᠠᠯᠭᠤᠨ᠎ᠠ ᠬᠦᠷᠬᠦ ᠬᠡᠰᠡᠭ ᠂ S31 ᠶᠢᠨ ᠳ᠋ᠠ ᠹᠠᠨ ᠫᠦ᠋ ᠠᠴᠠ ᠯᠦᠩ ᠺᠧᠦ︵ᠥᠪᠥᠷ ᠮᠣᠩᠭᠤᠯ ᠪᠣᠯᠣᠨ ᠱᠠᠨ ᠰᠢ ᠮᠤᠵᠢ ᠶᠢᠨ ᠵᠠᠭᠠᠭ︶ᠬᠦᠷᠬᠦ ᠬᠡᠰᠡᠭ ᠪᠠᠭᠲᠠᠨ᠎ᠠ ᠃ ᠨᠢᠭᠡᠳᠦᠭᠡᠷ ᠵᠡᠷᠭᠡᠯᠡᠯ ᠤᠨ ᠵᠠᠰᠠᠮᠠᠯ ᠵᠠᠮ ᠤᠨ ᠬᠡᠷᠡᠭᠵᠢᠭᠦᠯᠬᠦ ᠬᠡᠰᠡᠭ ᠲᠤ ᠲᠤᠰ ᠲᠤᠰ X646 ᠶᠢᠨ ᠭᠠᠯᠠᠭᠤᠲᠤ ᠠᠴᠠ ᠳ᠋ᠠ ᠼᠤᠤ ᠸᠠᠨ ᠬᠦᠷᠬᠦ ᠬᠡᠰᠡᠭ᠂ S226 ᠶᠢᠨ ᠠᠮᠠᠨ ᠴᠢᠷᠭ᠎ᠠ ᠠᠴᠠ ᠦᠦᠰᠢᠨᠵᠤᠤ ᠶᠢᠨ ᠠᠮᠢ ᠠᠬᠤᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠴᠦ᠂ ᠳᠠᠬᠢᠨ ᠰᠢᠶᠤᠤ ᠬᠤᠤ ᠲᠦ᠋ ᠠᠭᠤᠷᠬᠠᠢ ᠶᠢᠨ ᠣᠷᠣᠨ ᠬᠦᠷᠬᠦ ᠬᠡᠰᠡᠭ ᠂ S216 ᠶᠢᠨ ᠴᠠᠭᠠᠨ ᠨᠠᠭᠤᠷ ᠠᠴᠠ ᠣᠯᠵᠠᠴᠢ ᠪᠠᠯᠭᠠᠰᠤ ᠬᠦᠷᠬᠦ ᠬᠡᠰᠡᠭ ᠂ S215 ᠶᠢᠨ ᠦᠦᠰᠢᠨᠵᠤᠤ ᠶᠢᠨ ᠲᠦᠷᠦᠯ ᠵᠦᠢᠯ ᠤᠨ ᠲᠣᠭᠤᠷᠢᠭ ᠠᠴᠠ ᠭᠠᠯᠠᠭᠤᠲᠤ ᠬᠦᠷᠬᠦ ᠬᠡᠰᠡᠭ ᠂ G338 ᠶᠢᠨ ᠭᠠᠯᠠᠭᠤᠲᠤ ᠠᠴᠠ ᠰᠤᠪᠤᠷᠭ᠎ᠠ ᠪᠠᠶᠢᠭᠠᠯᠢ ᠶᠢᠨ ᠰᠢᠲᠠᠮᠠᠬᠠᠢ ᠬᠡᠢ ᠪᠣᠯᠪᠠᠰᠤᠷᠠᠭᠤᠯᠬᠤ ᠭᠤᠷᠪᠠᠳᠤᠭᠠᠷ ᠦᠢᠯᠡᠳᠪᠦᠷᠢ ᠬᠦᠷᠬᠦ ᠬᠡᠰᠡᠭ ᠂ G338 ᠶᠢᠨ ᠰᠤᠪᠤᠷᠭ᠎ᠠ ᠪᠠᠶᠢᠭᠠᠯᠢ ᠶᠢᠨ ᠰᠢᠲᠠᠮᠠᠬᠠᠢ ᠬᠡᠢ ᠪᠣᠯᠪᠠᠰᠤᠷᠠᠭᠤᠯᠬᠤ ᠭᠤᠷᠪᠠᠳᠤᠭᠠᠷ ᠦᠢᠯᠡᠳᠪᠦᠷᠢ ᠠᠴᠠ ᠤᠯᠠᠭᠠᠨ ᠪᠠᠯᠭᠠᠰᠤ ᠬᠦᠷᠬᠦ ᠬᠡᠰᠡᠭ ᠂ S215 ᠶᠢᠨ ᠳᠤᠭᠤᠢ ᠲᠠᠯ᠎ᠠ ᠠᠴᠠ ᠰᠢᠨ᠎ᠡ ᠪᠠᠯᠭᠠᠰᠤ ᠬᠦᠷᠬᠦ ᠬᠡᠰᠡᠭ ᠪᠠᠭᠲᠠᠨ᠎ᠠ᠃