ᠵᠤᠬᠢᠶᠠᠭᠴᠢ:
ᠴᠠᠭ:2023-04-07
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠢᠰᠫᠠᠨᠢ ᠶᠢᠨ ᠲᠡᠷᠢᠭᠦᠨ ᠰᠠᠶᠢᠳ ᠰᠠᠩᠴᠢᠶᠧᠰ ᠲᠠᠢ ᠠᠭᠤᠯᠵᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 3 ᠰᠠᠷ᠎ᠠ ᠶᠢᠨ 31 ᠤ ᠴᠠᠭᠢᠯᠭᠠᠨ ᠮᠡᠳᠡᠭᠡ 3 ᠳ᠋ᠤᠭᠠᠷ ᠰᠠᠷ᠎ᠠ ᠶᠢᠨ 31 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠢᠰᠫᠠᠨᠢ ᠶᠢᠨ ᠲᠡᠷᠢᠭᠦᠨ ᠰᠠᠶᠢᠳ ᠲᠠᠢ ᠠᠭᠤᠯᠵᠠᠪᠠ ᠃
ᠰᠢ ᠶᠢᠨ ᠫᠢᠩ ᠢᠶᠠᠷ ᠳᠠᠮᠵᠢᠭᠤᠯᠤᠨ ᠤᠯᠤᠰ ᠤᠨ ᠸᠠᠩ ᠹᠢᠯᠢᠫᠸᠢ ᠵᠢᠷᠭᠤᠳᠤᠭᠠᠷ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ ᠃ ᠰᠢ ᠶᠢᠨ ᠫᠢᠩ ᠂ ᠡᠨᠡ ᠵᠢᠯ ᠪᠣᠯ ᠳᠤᠮᠳᠠᠳᠤ ᠢᠰᠫᠠᠨᠢ ᠶᠢᠨ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠣᠨ᠎ᠠ ᠃ ᠬᠠᠭᠠᠰ ᠵᠠᠭᠤᠨ ᠤ ᠲᠤᠷᠰᠢ ᠂ ᠳᠤᠮᠳᠠᠳᠤ ᠢᠰᠫᠠᠨᠢ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ ᠂ ᠰᠠᠨᠠᠯ ᠢᠶᠠᠨ ᠰᠣᠯᠢᠯᠴᠠᠨ ᠶᠠᠷᠢᠯᠴᠠᠭ᠎ᠠ ᠬᠢᠬᠦ ᠶᠢ ᠪᠠᠷᠢᠮᠲᠠᠯᠠᠵᠤ ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠢᠳᠡᠪᠬᠢᠲᠡᠢ ᠥᠷᠨᠢᠭᠦᠯᠵᠦ ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠤᠨ ᠬᠥᠭᠵᠢᠭᠦᠯᠵᠡᠢ ᠃ ᠳᠤᠮᠳᠠᠳᠤ ᠤᠯᠤᠰ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠷ ᠴᠢᠷᠮᠠᠶᠢᠵᠤ ᠂ ᠢᠰᠫᠠᠨᠢ ᠶᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠨᠡᠩ ᠥᠷᠭᠡᠨ ᠠᠭᠤᠳᠠᠮ ᠵᠠᠬ᠎ᠠ ᠳᠡᠯᠭᠡᠭᠦᠷ ᠤᠨ ᠣᠷᠣᠨ ᠵᠠᠢ ᠂ ᠨᠡᠩ ᠤᠯᠠᠨ ᠬᠠᠮᠲᠤᠷᠠᠯᠴᠠᠭᠠᠨ ᠤ ᠠᠵᠠ ᠲᠣᠭᠢᠶᠠᠯ ᠬᠠᠩᠭᠠᠬᠤ ᠪᠣᠯᠣᠨ᠎ᠠ ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠲᠠᠢ ᠬᠠᠮᠲᠤ ᠪᠠᠷ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠠᠷ ᠰᠢᠨ᠎ᠡ ᠭᠠᠷᠤᠭ᠎ᠠ ᠪᠤᠯᠭᠠᠵᠤ ᠂ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠬᠤᠶᠠᠷ ᠤᠯᠤᠰ ᠤᠨ ᠬᠠᠷᠢᠯᠴᠠᠭ᠎ᠠ ᠶᠢ ᠲᠥᠯᠥᠪᠵᠢᠭᠦᠯᠬᠦ ᠶᠢ ᠪᠠᠷᠢᠮᠲᠠᠯᠠᠵᠤ ᠂ ᠳᠤᠮᠳᠠᠳᠤ ᠢᠰᠫᠠᠨᠢ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠦᠨᠳᠦᠰᠦᠨ ᠲᠠᠨᠢᠯᠲᠠ ᠶᠢ ᠪᠠᠲᠤᠳᠬᠠᠵᠤ ᠂ ᠲᠤᠰ ᠲᠤᠰ ᠤᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠵᠡᠷᠭᠡ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠵᠦ ᠂ ᠨᠥᠭᠦᠷᠰᠡᠭ ᠂ ᠢᠲᠡᠭᠡᠯᠴᠡᠭᠡ ᠂ ᠬᠠᠮᠲᠤᠷᠠᠯᠴᠠᠭᠠᠨ ᠤ ᠶᠡᠭᠡ ᠴᠢᠭᠯᠡᠯ ᠢ ᠪᠠᠷᠢᠮᠲᠠᠯᠠᠵᠤ ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠪᠦᠬᠦᠢ ᠬᠤᠶᠠᠷ ᠲᠠᠯ᠎ᠠ ᠶᠢᠨ ᠬᠠᠷᠢᠯᠴᠠᠭ᠎ᠠ ᠶᠢ ᠪᠠᠶᠢᠭᠤᠯᠪᠠᠯ ᠵᠣᠬᠢᠨ᠎ᠠ ᠃ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ ᠂ ᠬᠠᠮᠲᠤᠷᠠᠯᠴᠠᠭᠠᠨ ᠤ ᠳᠠᠯᠳᠠ ᠬᠦᠴᠦᠨ ᠢᠶᠠᠨ ᠭᠦᠨᠵᠡᠭᠡᠶᠢᠷᠡᠭᠦᠯᠦᠶ᠎ᠡ ᠃ ᠳᠤᠮᠳᠠᠳᠤ ᠤᠯᠤᠰ ᠳᠤᠷᠠᠲᠠᠶ᠎ᠠ ᠢᠰᠫᠠᠨᠢ ᠶᠢᠨ ᠨᠡᠩ ᠤᠯᠠᠨ ᠰᠢᠯᠢᠳᠡᠭ ᠲᠠᠸᠠᠷ ᠢ ᠣᠷᠣᠭᠤᠯᠤᠨ᠎ᠠ ᠂ ᠢᠰᠫᠠᠨᠢ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠳᠤ ᠡᠷᠬᠡ ᠲᠡᠭᠰᠢ ᠲᠥᠪ ᠭᠤᠣᠯᠴᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ ᠃ ᠳᠤᠮᠳᠠᠳᠤ ᠤᠯᠤᠰ ᠪᠣᠯᠣᠨ ᠢᠰᠫᠠᠨᠢ ᠪᠣᠯ ᠴᠥᠮ ᠳᠡᠯᠡᠬᠡᠢ ᠳᠤ ᠨᠥᠯᠥᠭᠡ ᠶᠡᠬᠡᠲᠡᠢ ᠡᠷᠲᠡᠨ ᠤ ᠪᠣᠯᠪᠠᠰᠤᠨ ᠤᠯᠤᠰ ᠪᠣᠯᠣᠨ ᠰᠣᠶᠣᠯ ᠤᠨ ᠲᠣᠮᠣ ᠤᠯᠤᠰ ᠪᠣᠯᠣᠨ᠎ᠠ ᠂ ᠬᠤᠶᠠᠷ ᠲᠠᠯ᠎ᠠ ᠪᠠᠷ ᠢᠶᠠᠨ ᠳᠤᠮᠳᠠᠳᠤ ᠢᠰᠫᠠᠨᠢ ᠶᠢᠨ ᠰᠣᠶᠣᠯ ᠪᠣᠯᠣᠨ ᠵᠢᠭᠤᠯᠴᠢᠯᠠᠯ ᠤᠨ ᠣᠨ ᠤ ᠠᠵᠢᠯᠯᠠᠭ᠎ᠠ ᠶᠢ ᠰᠠᠶᠢᠲᠤᠷ ᠡᠷᠭᠢᠯᠡᠵᠤ ᠂ ᠳᠡᠯᠡᠬᠡᠢ ᠶᠢᠨ ᠪᠣᠯᠪᠠᠰᠤᠨ ᠤ ᠶᠠᠷᠢᠯᠴᠠᠭ᠎ᠠ ᠰᠣᠯᠢᠯᠴᠠᠭ᠎ᠠ ᠶᠢ ᠠᠬᠢᠭᠤᠯᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯ᠎ᠠ ᠶᠢᠨ ᠪᠣᠷᠣ ᠲᠥᠯᠥᠪ ᠤᠨ ᠳᠣᠲᠣᠷ᠎ᠠ ᠨᠢᠭᠲᠠ ᠣᠯᠣᠯᠴᠠᠵᠤ ᠂ ᠬᠥᠮᠥᠨ ᠲᠥᠷᠥᠯᠬᠢᠲᠡᠨ ᠤ ᠬᠠᠮᠲᠤ ᠶᠢᠨ ᠥᠷᠢᠰᠦᠯᠳᠦᠭᠡᠨ ᠢ ᠠᠷᠭᠠᠴᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠶ᠎ᠡ ᠭᠡᠵᠦ ᠴᠢᠬᠤᠯᠠᠴᠢᠯᠠᠵᠠᠢ ᠃
ᠰᠢ ᠶᠢᠨ ᠫᠢᠩ ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢ ᠰᠠᠶᠢᠲᠤᠷ ᠬᠥᠭᠵᠢᠭᠦᠯᠬᠦ ᠳᠤ ᠡᠸᠦ᠋ᠷᠦᠫᠡ ᠶᠢᠨ ᠬᠢᠨ ᠪᠠᠶᠢᠯᠳᠤᠬᠤ ᠪᠣᠳᠣᠯᠭ᠎ᠠ ᠶᠢᠨ ᠲᠠᠯ᠎ᠠ ᠪᠠᠷ ᠪᠡᠶ᠎ᠡ ᠪᠠᠨ ᠳᠠᠭᠠᠭᠠᠬᠤ ᠶᠢ ᠪᠠᠷᠢᠮᠲᠠᠯᠠᠬᠤ ᠬᠡᠷᠡᠭᠲᠡᠢ ᠃ ᠳᠤᠮᠳᠠᠳᠤ ᠡᠸᠦ᠋ᠷᠦᠫᠡ ᠴᠥᠮ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠴᠥᠮ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢ ᠬᠠᠮᠠᠭᠠᠯᠠᠵᠤ ᠂ ᠴᠥᠮ ᠤᠯᠠᠨ ᠤᠯᠤᠰ ᠤᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠶᠢ ᠵᠣᠷᠢᠳᠠᠭ ᠂ ᠬᠤᠶᠠᠷ ᠲᠠᠯ᠎ᠠ ᠪᠠᠷ ᠢᠶᠠᠨ ᠣᠳᠣᠬᠢᠴᠢᠯᠠᠯᠲᠠ ᠶᠢᠨ ᠵᠠᠮ ᠬᠠᠮᠲᠤᠷᠠᠨ ᠠᠵᠢᠯᠯᠠᠭᠴᠢ ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠬᠤ ᠰᠠᠶᠢᠨ ᠨᠠᠶᠢᠵᠠ ᠪᠤᠯᠬᠤ ᠶᠣᠰᠣᠲᠠᠢ ᠃ ᠳᠤᠮᠳᠠᠳᠤ ᠤᠯᠤᠰ ᠳᠤᠷᠠᠲᠠᠶ᠎ᠠ ᠡᠸᠦ᠋ᠷᠦᠫᠡ ᠶᠢᠨ ᠬᠢᠨ ᠲᠠᠢ ᠪᠡᠶ᠎ᠡ ᠪᠠᠨ ᠳᠠᠭᠠᠭᠠᠵᠤ ᠡᠵᠡᠨ ᠮᠡᠳᠡᠭᠦ ᠂ ᠬᠠᠷᠢᠯᠴᠠᠨ ᠬᠦᠨᠳᠦᠳᠬᠡᠬᠦ ᠂ ᠠᠳᠠᠯᠢ ᠲᠠᠯ᠎ᠠ ᠪᠠᠨ ᠡᠷᠢᠵᠦ ᠵᠥᠷᠢᠶ᠎ᠡ ᠪᠠᠨ ᠦᠯᠡᠳᠡᠭᠡᠬᠦ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠣᠷᠢᠭ ᠰᠠᠨᠠᠭ᠎ᠠ ᠪᠠᠷ ᠂ ᠪᠦᠭᠦ ᠲᠠᠯ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ ᠃ ᠢᠰᠫᠠᠨᠢ ᠶᠢᠨ ᠬᠢᠨ ᠳᠤᠮᠳᠠᠳᠤ ᠡᠸᠦ᠋ᠷᠦᠫᠡ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠵᠠᠢ ᠃
ᠰᠠᠩᠴᠢᠶᠧᠰ ᠤᠯᠤᠰ ᠤᠨ ᠸᠠᠩ ᠹᠢᠯᠢᠫᠸᠢ ᠵᠢᠷᠭᠤᠳᠤᠭᠠᠷ ᠤᠨ ᠰᠢ ᠶᠢᠨ ᠫᠢᠩ ᠳᠤ ᠬᠦᠷᠭᠡᠭᠰᠡᠨ ᠳᠣᠲᠣᠨᠣ ᠮᠡᠨᠳᠦᠴᠢᠯᠡᠯ ᠢ ᠳᠠᠮᠵᠢᠭᠤᠯᠵᠠᠢ ᠃ ᠰᠠᠩᠴᠢᠶᠧᠰ ᠂ ᠡᠨᠡ ᠵᠢᠯ ᠤᠨ ᠢᠰᠫᠠᠨᠢ ᠳᠤᠮᠳᠠᠳᠤ ᠬᠤᠶᠠᠷ ᠤᠯᠤᠰ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ ᠲᠠᠰᠢᠷᠠᠮ ᠢᠶᠠᠷ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ ᠣᠳᠣᠬᠠᠨ ᠳᠤ ᠳᠡᠯᠡᠬᠡᠢ ᠶᠢᠷᠲᠢᠨᠴᠦ ᠳᠤ ᠡᠯ᠎ᠡ ᠵᠦᠢᠯ ᠤᠨ ᠲᠣᠬᠲᠠᠭᠠᠯᠲᠤ ᠪᠤᠰᠤ ᠴᠢᠨᠠᠷ ᠳᠦᠭᠦᠷᠴᠦ ᠪᠠᠶᠢᠨ᠎ᠠ ᠂ ᠭᠠᠭᠴᠠ ᠬᠦ ᠬᠠᠮᠲᠤᠷᠠᠯᠴᠠᠭ᠎ᠠ ᠪᠠᠷ ᠲᠠᠮᠵᠢᠪᠠᠯ ᠰᠠᠶ᠋ᠢ ᠡᠯ᠎ᠡ ᠵᠦᠢᠯ ᠤᠨ ᠥᠷᠢᠰᠦᠯᠳᠦᠭᠡᠨ ᠢ ᠨᠡᠩ ᠪᠦᠲᠦᠮᠵᠢᠲᠡᠶ ᠪᠠᠷ ᠠᠷᠭᠠᠴᠠᠵᠤ ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠶᠢ ᠠᠬᠢᠭᠤᠯᠵᠤ ᠴᠢᠳᠠᠨ᠎ᠠ ᠃ ᠢᠰᠫᠠᠨᠢ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠴᠢᠩ ᠦᠨᠡᠨᠴᠢ ᠣᠯᠣᠯᠴᠠᠭ᠎ᠠ ᠪᠠ ᠶᠠᠷᠢᠯᠴᠠᠭ᠎ᠠ ᠪᠠᠨ ᠪᠠᠲᠤᠯᠠᠵᠤ ᠂ ᠢᠲᠡᠭᠡᠯᠴᠡᠭᠡ ᠪᠠᠨ ᠳᠠᠰᠤᠷᠠᠯᠳᠠ ᠦᠭᠡᠢ ᠨᠡᠮᠡᠭᠳᠡᠭᠦᠯᠵᠦ ᠂ ᠬᠤᠶᠠᠷ ᠲᠠᠯ᠎ᠠ ᠳᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠢᠯᠠᠩᠭᠤᠶ᠎ᠠ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ ᠂ ᠪᠣᠬᠢᠷᠳᠤᠯ ᠦᠭᠡᠢ ᠡᠨᠧᠷᠭᠢ ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠭᠦᠨᠵᠡᠭᠡᠶᠢᠷᠡᠭᠦᠯᠵᠦ ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠠᠯ᠎ᠠ ᠪᠠᠷ ᠬᠢ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ ᠂ ᠢᠰᠫᠠᠨᠢ ᠳᠤᠮᠳᠠᠳᠤ ᠶᠢᠨ ᠬᠠᠷᠢᠯᠴᠠᠭ᠎ᠠ ᠶᠢᠨ ᠴᠢᠨᠠᠭᠰᠢᠳᠠ ᠭᠦᠭᠵᠢᠭᠦ ᠶᠢ ᠬᠠᠮᠲᠤ ᠪᠠᠷ ᠠᠬᠢᠭᠤᠯᠤᠨ᠎ᠠ ᠃ ᠢᠰᠫᠠᠨᠢ ᠡᠨᠡ ᠵᠢᠯ ᠤᠨ ᠳᠣᠣᠷ᠎ᠠ ᠬᠠᠭᠠᠰ ᠵᠢᠯ ᠳᠤ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠬᠦ ᠪᠣᠯᠣᠨ᠎ᠠ ᠃ ᠢᠰᠫᠠᠨᠢ ᠶᠢᠨ ᠬᠢᠨ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠳᠤᠮᠳᠠᠳᠤ ᠤᠯᠤᠰ ᠯᠤᠭ᠎ᠠ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠬᠤ ᠪᠠᠷ ᠬᠦᠴᠦᠯᠡᠨ ᠴᠢᠷᠮᠠᠶᠢᠨ᠎ᠠ ᠭᠡᠵᠦ ᠢᠯᠡᠳᠬᠡᠪᠡ ᠃
ᠬᠤᠶᠠᠷ ᠲᠠᠯ᠎ᠠ ᠪᠠᠷ ᠢᠶᠠᠨ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠵᠠᠢ ᠃ ᠰᠢ ᠶᠢᠨ ᠫᠢᠩ ᠂ ᠳᠤᠮᠳᠠᠳᠤ ᠤᠯᠤᠰ ᠤᠨ ᠵᠣᠭᠰᠣᠯᠲᠠ ᠶᠡᠷᠦ ᠠᠴᠠ ᠪᠠᠲᠤ ᠴᠢᠩᠭ᠎ᠠ ᠂ ᠢᠯᠠ ᠲᠣᠳᠣᠷᠬᠠᠢ ᠪᠠᠶᠢᠨ᠎ᠠ ᠂ ᠡᠨᠡ ᠨᠢ ᠳᠠᠷᠤᠢ ᠢᠳᠬᠠᠨ ᠡᠪᠰᠡᠭᠦᠯᠵᠦ ᠬᠡᠯᠡᠯᠴᠡᠭᠡ ᠬᠢᠬᠦ ᠶᠢ ᠠᠬᠢᠭᠤᠯᠵᠤ ᠂ ᠤᠯᠤᠰ ᠲᠦᠷᠦ ᠪᠠᠷ ᠰᠢᠢᠳᠪᠦᠷᠢᠯᠡᠬᠦ ᠶᠠᠪᠤᠳᠠᠯ ᠪᠣᠯᠣᠨ᠎ᠠ ᠃ ᠬᠦᠢᠲᠡᠨ ᠲᠠᠶᠢᠨ ᠤ ᠰᠡᠳᠬᠢᠬᠦᠢ ᠪᠣᠯᠣᠨ ᠯᠡᠭᠧᠷ ᠤᠨ ᠡᠰᠡᠷᠭᠦᠴᠡᠯᠳᠦᠯ ᠢ ᠲᠠᠶᠠᠭᠳᠠᠵᠤ ᠂ ᠲᠤᠶᠢᠯ ᠤᠨ ᠶᠡᠭᠡ ᠵᠠᠯᠬᠠᠭᠠᠯ ᠳᠠᠷᠤᠯᠲᠠ ᠦᠵᠡᠭᠦᠯᠭᠦ ᠶᠢ ᠲᠠᠶᠠᠭᠳᠠᠪᠠᠯ ᠵᠣᠬᠢᠨ᠎ᠠ ᠃ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠨ ᠂ ᠲᠡᠩᠴᠡᠭᠦᠷᠢᠲᠡᠢ ᠂ ᠪᠦᠲᠦᠮᠵᠢᠲᠡᠢ ᠂ ᠦᠷᠭᠦᠯᠵᠢᠯᠡᠬᠦ ᠪᠦᠬᠦᠢ ᠡᠸᠦ᠋ᠷᠦᠫᠡ ᠲᠢᠪ ᠤᠨ ᠠᠮᠤᠷ ᠲᠦᠪᠰᠢᠨ ᠤ ᠪᠦᠲᠦᠴᠡ ᠶᠢ ᠪᠠᠶᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃
ᠰᠠᠩᠴᠢᠶᠧᠰ ᠢᠰᠫᠠᠨᠢ ᠶᠢᠨ ᠬᠤᠯᠪᠣᠭᠳᠠᠯ ᠪᠦᠬᠦᠢ ᠦᠵᠡᠯᠲᠡ ᠶᠢ ᠲᠠᠨᠢᠯᠴᠠᠭᠤᠯᠵᠤ ᠂ ᠦᠺᠷᠠᠶᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠲᠤᠬᠠᠢ ᠳᠤᠮᠳᠠᠳᠤ ᠤᠯᠤᠰ ᠤᠨ ᠵᠣᠭᠰᠣᠯᠲᠠ ᠶᠢᠨ ᠪᠢᠴᠢᠭ ᠮᠠᠲ᠋ᠧᠷᠢᠶᠠᠯ ᠢ ᠢᠰᠫᠠᠨᠢ ᠶᠢᠨ ᠬᠢᠨ ᠢᠳᠡᠪᠬᠢᠲᠡᠢ ᠦᠨᠡᠯᠡᠵᠦ ᠂ ᠦᠺᠷᠠᠶᠢᠨ ᠤ ᠬᠢᠮᠤᠷᠠᠯ ᠢ ᠤᠯᠤᠰ ᠲᠥᠷᠥ ᠪᠠᠷ ᠰᠢᠢᠳᠪᠦᠷᠢᠯᠡᠬᠦ ᠳᠤ ᠦᠵᠡᠭᠦᠯᠦᠭᠰᠡᠨ ᠳᠤᠮᠳᠠᠳᠤ ᠤᠯᠤᠰ ᠤᠨ ᠪᠦᠲᠦᠭᠡᠯᠴᠢ ᠦᠢᠯᠡᠳᠦᠯ ᠢ ᠮᠠᠭᠲᠠᠨ ᠰᠠᠶᠢᠰᠢᠶᠠᠵᠤ ᠪᠠᠶᠢᠨ᠎ᠠ ᠭᠡᠵᠦ ᠢᠯᠡᠳᠬᠡᠵᠡᠢ ᠃
ᠸᠠᠩ ᠢ ᠂ ᠴᠢᠨ ᠭᠠᠩ ᠨᠠᠷ ᠠᠭᠤᠯᠵᠠᠯᠲᠠ ᠳᠤ ᠣᠷᠣᠯᠴᠠᠪᠠ ᠃