ᠵᠤᠬᠢᠶᠠᠭᠴᠢ:
ᠴᠠᠭ:2023-04-07
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ︽ᠲᠥᠪ ᠤᠨ ᠨᠠᠮ ᠤᠨ ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶ᠎ᠠ︾ ᠶᠢ ᠨᠡᠶᠢᠲᠡᠯᠡᠪᠡ
2023 4 ᠰᠠᠷ᠎ᠠ ᠶᠢᠨ 1 ᠤ ᠡᠳᠦᠷ ᠬᠡᠪᠯᠡᠭᠳᠡᠭᠰᠡᠨ 7 ᠳ᠋ᠤᠭᠠᠷ ᠬᠤᠭᠤᠴᠠᠭᠠᠨ ᠤ 《ᠦᠨᠡᠨ》 ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ 《ᠲᠥᠪ ᠤᠨ ᠨᠠᠮ ᠤᠨ ᠰᠤᠷᠭᠠᠭᠤᠯᠢ ᠪᠠᠶᠢᠭᠤᠯᠤᠭᠳᠠᠭᠰᠠᠨ 90 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠵᠢᠴᠢ 2023 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠶᠠᠷᠢᠶ᠎ᠠ》 ᠶᠢ ᠨᠡᠶᠢᠲᠡᠯᠡᠪᠡ᠃
ᠵᠣᠬᠢᠶᠠᠯ ᠳᠤ᠂ ᠲᠡᠦᠬᠡ ᠶᠢ ᠡᠷᠭᠢᠴᠡᠭᠦᠯᠬᠦᠶ᠎ᠡ᠂ ᠨᠠᠮ ᠤᠨ ᠰᠤᠷᠭᠠᠭᠤᠯᠢ ᠶᠢᠨ ᠢᠮᠠᠭᠲᠠ ᠬᠤᠪᠢᠷᠠᠰᠢ ᠦᠭᠡᠢ ᠤᠭ ᠰᠠᠨᠠᠭ᠎ᠠ ᠪᠣᠯ ᠳᠠᠷᠤᠢ ᠨᠠᠮ ᠳᠤ ᠴᠢᠳᠠᠪᠤᠷᠢᠲᠠᠨ ᠬᠥᠮᠦᠵᠢᠭᠦᠯᠵᠦ᠂ ᠨᠠᠮ ᠳᠤ ᠠᠷᠭ᠎ᠠ ᠪᠤᠳᠤᠯᠭ᠎ᠠ ᠭᠠᠷᠭᠠᠵᠤ ᠦᠭᠬᠦ ᠶᠠᠪᠤᠳᠠᠯ ᠪᠣᠯᠤᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠡᠯ᠎ᠡ ᠱᠠᠲᠤᠨ ᠤ ᠨᠠᠮ ᠤᠨ ᠰᠤᠷᠭᠠᠭᠤᠯᠢ ᠡᠨᠡ ᠬᠦ ᠤᠭ ᠰᠠᠨᠠᠭ᠎ᠠ ᠪᠠᠨ ᠪᠠᠲᠤ ᠰᠠᠬᠢᠵᠤ᠂ ᠡᠷᠡᠮᠡᠬᠡᠶᠢᠯᠡᠨ ᠤᠷᠤᠭᠰᠢᠯᠠᠵᠤ᠂ ᠬᠦᠴᠦᠯᠡᠨ ᠴᠢᠷᠮᠠᠶᠢᠵᠤ ᠵᠢᠳᠭᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠵᠣᠬᠢᠶᠠᠯ ᠳᠤ᠂ ᠨᠠᠮ ᠤᠨ ᠰᠤᠷᠭᠠᠭᠤᠯᠢ ᠶᠢᠨ ᠤᠬ ᠰᠠᠨᠠᠭ᠎ᠠ ᠶᠢ ᠪᠠᠲᠤ ᠰᠠᠬᠢᠬᠤ ᠳᠤ ᠡᠷᠬᠡᠪᠰᠢ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠢᠮᠠᠭᠲᠠ ᠤᠬᠠᠮᠰᠠᠷ ᠠᠴᠠ ᠪᠠᠨ ᠰᠠᠶᠢᠲᠤᠷ ᠦᠢᠯᠡᠴᠢᠯᠡᠬᠦ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠪᠣᠯ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠡᠷᠬᠡᠪᠰᠢ ᠢᠮᠠᠭᠲᠠ ᠪᠠᠷᠢᠮᠲᠠᠯᠠᠬᠤ ᠤᠯᠤᠰ ᠲᠦᠷᠦ ᠶᠢᠨ ᠵᠣᠭᠰᠣᠴᠠ ᠮᠥᠨ᠂ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ ᠦᠢᠯᠡᠳᠦᠯᠭᠡᠵᠢᠭᠦᠯᠬᠦ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠨᠠᠮ ᠤᠨ ᠰᠤᠷᠭᠠᠭᠤᠯᠢ ᠪᠣᠯ ᠡᠩ ᠤᠨ ᠰᠤᠷᠭᠠᠭᠤᠯᠢ ᠪᠢᠰᠢ᠂ ᠬᠠᠷᠢᠨ ᠨᠠᠮ ᠤᠨ ᠰᠤᠷᠭᠠᠭᠤᠯᠢ ᠮᠥᠨ᠂ ᠨᠠᠮ ᠤᠨ ᠴᠢᠬᠤᠯᠠ ᠡᠭᠦᠷᠭᠡ ᠴᠢᠳᠠᠪᠬᠢᠲᠤ ᠰᠠᠯᠠᠭ᠎ᠠ ᠮᠥᠴᠢᠷ ᠮᠥᠨ᠂ ᠡᠷᠬᠡᠪᠰᠢ ᠨᠠᠮ ᠤᠨ ᠲᠤᠭ ᠢᠶᠠᠷ ᠲᠤᠭ ᠳᠡᠮᠳᠡᠭ ᠢᠶᠠᠨ ᠪᠣᠯᠭᠠᠬᠤ᠂ ᠨᠠᠮ ᠤᠨ ᠵᠣᠷᠢᠭ ᠰᠠᠨᠠᠭ᠎ᠠ ᠪᠠᠷ ᠵᠣᠷᠢᠭ ᠰᠠᠨᠠᠭ᠎ᠠ ᠪᠠᠨ ᠪᠣᠯᠭᠠᠬᠤ᠂ ᠨᠠᠮ ᠤᠨ ᠡᠭᠦᠷᠭᠡ ᠬᠠᠷᠢᠭᠤᠴᠠᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠪᠣᠯᠭᠠᠬᠤ ᠶᠢ ᠢᠮᠠᠭᠲᠠ ᠪᠠᠷᠢᠮᠲᠠᠯᠠᠵᠤ᠂ ᠤᠬᠠᠮᠰᠠᠷ ᠠᠴᠠ ᠪᠠᠨ ᠨᠠᠮ ᠤᠨ ᠰᠢᠨ᠎ᠡ ᠠᠭᠤᠤ ᠶᠡᠭᠡ ᠦᠢᠯᠡᠰ ᠪᠠ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠤᠨ ᠳᠤᠮᠳᠠ ᠣᠨᠣᠪᠴᠢᠲᠠᠢ ᠪᠠᠶᠢᠷᠢ ᠲᠣᠭᠲᠠᠭᠠᠯᠲᠠ ᠬᠢᠵᠦ᠂ ᠤᠬᠠᠮᠰᠠᠷ ᠠᠴᠠ ᠪᠠᠨ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠨᠠᠮ ᠤᠨ ᠰᠤᠷᠭᠠᠭᠤᠯᠢ ᠶᠢᠨ ᠤᠭ ᠰᠠᠨᠠᠭ᠎ᠠ ᠶᠢ ᠪᠠᠲᠤ ᠰᠠᠬᠢᠬᠤ ᠳᠤ ᠡᠷᠬᠡᠪᠰᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠲᠦᠷᠦ ᠪᠠᠷᠢᠬᠤ ᠭᠤᠣᠯᠯᠠᠭᠴᠢ ᠶᠢᠨ ᠡᠩᠨᠡᠭᠡ ᠶᠢ ᠬᠥᠮᠦᠵᠢᠭᠦᠯᠦᠨ ᠪᠤᠢ ᠪᠤᠯᠭᠠᠬᠤ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠨᠠᠮ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠪᠣᠯ ᠨᠠᠮ ᠤᠨ ᠰᠤᠷᠭᠠᠭᠤᠯᠢ ᠶᠢᠨ ᠥᠪᠡᠷᠮᠢᠴᠡ ᠤᠨᠴᠠᠭᠠᠢ ᠦᠨ᠎ᠡ ᠦᠷᠲᠡᠭ ᠮᠥᠨ᠃ ᠨᠠᠮ ᠳᠤ ᠴᠢᠳᠠᠪᠤᠷᠢᠲᠠᠨ ᠬᠥᠮᠦᠵᠢᠭᠦᠯᠵᠦ ᠥᠭᠬᠦ ᠪᠣᠯ ᠳᠠᠷᠤᠢ ᠰᠢᠨ᠎ᠡ ᠴᠠᠭ ᠦᠶ᠎ᠡ ᠶᠢᠨ ᠶᠣᠰᠣ ᠶᠢ ᠤᠯᠠᠮᠵᠢᠯᠠᠵᠤ᠂ ᠡᠷᠳᠡᠮ ᠮᠡᠳᠡᠯᠭᠡ ᠬᠦᠷᠲᠡᠭᠡᠵᠤ᠂ ᠠᠵᠢᠯ ᠤᠨ ᠲᠥᠭᠡᠷᠢᠭᠳᠡᠯ ᠢ ᠲᠠᠶᠢᠯᠵᠤ᠂ ᠮᠠᠷᠺᠰ ᠤᠨ ᠦᠵᠡᠯ ᠤᠨ ᠦᠨᠡᠨ ᠶᠣᠰᠣᠨ ᠤ ᠶᠣᠰᠣ ᠶᠢ ᠰᠠᠶᠢᠲᠤᠷ ᠤᠯᠠᠮᠵᠢᠯᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠦᠢᠯᠡᠰ ᠢ ᠠᠬᠢᠭᠤᠯᠬᠤ ᠶᠢ ᠰᠠᠶᠢᠲᠤᠷ ᠵᠢᠭᠠᠵᠤ᠂ ᠪᠡᠶᠡᠴᠢ ᠪᠣᠯᠤᠨ ᠪᠤᠰᠤᠳᠴᠢ ᠳᠤ ᠲᠤᠯᠭᠠᠷᠠᠭᠰᠠᠨ ᠲᠥᠭᠡᠷᠢᠭᠳᠡᠯ ᠢ ᠰᠠᠶᠢᠲᠤᠷ ᠠᠷᠢᠯᠭᠠᠬᠤ ᠶᠠᠪᠤᠳᠠᠯ ᠪᠣᠯᠤᠨ᠎ᠠ᠃ ᠤᠨᠤᠯ ᠤᠨ ᠪᠣᠯᠪᠠᠰᠤᠷᠠᠯ ᠪᠣᠯ ᠤᠳᠤᠷᠢᠳᠬᠤ ᠺᠠᠳ᠋ᠷᠴᠤᠳ ᠤᠨ ᠶᠡᠷᠦᠩᠬᠡᠢ ᠬᠡᠪ ᠪᠤᠯᠪᠠᠰᠤᠷᠠᠯ ᠤᠨ ᠭᠤᠣᠯᠳᠠᠯᠭ᠎ᠠ ᠮᠥᠨ᠃ ᠨᠠᠮ ᠤᠨ ᠰᠤᠷᠭᠠᠭᠤᠯᠢ ᠪᠣᠯ ᠨᠠᠮ ᠤᠨ ᠭᠡᠰᠢᠭᠦᠨ ᠺᠠᠳ᠋ᠷ ᠤᠨ ᠮᠠᠷᠺᠰ ᠤᠨ ᠦᠵᠡᠯ ᠤᠨ ᠤᠨᠤᠯ ᠢ ᠰᠤᠷᠤᠯᠴᠠᠬᠤ᠂ ᠤᠨᠤᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠢ ᠠᠬᠢᠭᠤᠯᠬᠤ ᠭᠠᠵᠠᠷ ᠪᠣᠯᠤᠨ᠎ᠠ᠂ ᠮᠠᠷᠺᠰ ᠤᠨ ᠦᠵᠡᠯ ᠤᠨ ᠤᠨᠤᠯ ᠤᠨ ᠬᠥᠮᠦᠵᠢᠯ ᠪᠣᠯᠪᠠᠰᠤᠷᠠᠯ ᠢ ᠤᠯᠠᠮ ᠴᠢᠨᠠᠭᠰᠢᠳᠠ ᠴᠢᠩᠭᠠᠳᠬᠠᠵᠤ᠂ ᠮᠠᠷᠺᠰ ᠤᠨ ᠦᠵᠡᠯ ᠤᠨ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭᠰᠡᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ ᠨᠢᠭᠡᠳᠭᠡᠬᠦ᠂ ᠦᠢᠯᠡ ᠠᠵᠢᠯᠯᠠᠭ᠎ᠠ ᠪᠠᠨ ᠨᠢᠭᠡᠳᠭᠡᠬᠦ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠬᠳᠠᠷᠠᠭᠤᠯᠵᠤ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠬᠥᠮᠦᠵᠢᠯ ᠪᠣᠯᠪᠠᠰᠤᠷᠠᠯ ᠤᠨ ᠭᠤᠣᠯ ᠠᠭᠤᠯᠭ᠎ᠠ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠰᠤᠷᠭᠠᠭᠤᠯᠢ ᠪᠣᠯ ᠤᠳᠤᠷᠢᠳᠬᠤ ᠺᠠᠳ᠋ᠷᠴᠤᠳ ᠤᠨ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ《ᠲᠤᠮᠤ ᠵᠤᠤᠬ᠎ᠠ》ᠮᠥᠨ᠂ ᠨᠠᠮᠴᠢ ᠴᠢᠨᠠᠷ ᠤᠨ ᠬᠥᠮᠦᠵᠢᠯ ᠢ ᠵᠢᠭᠠᠨ ᠰᠤᠷᠭᠠᠯᠲᠠ ᠶᠢᠨ ᠭᠤᠣᠯ ᠠᠭᠤᠯᠭ᠎ᠠ ᠪᠣᠯᠭᠠᠵᠤ᠂ ᠨᠠᠮ ᠤᠨ ᠲᠦᠷᠢᠮ ᠪᠠ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠮᠴᠢ ᠴᠢᠨᠠᠷ ᠤᠨ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠨᠠᠮᠴᠢ ᠴᠢᠨᠠᠷ ᠤᠨ ᠬᠥᠮᠦᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠪᠦᠳᠤᠮᠵᠢᠳᠤ ᠴᠢᠨᠠᠷ ᠢ ᠳᠡᠭᠡᠭᠰᠢᠯᠡᠭᠦᠯᠵᠤ᠂ ᠨᠠᠮᠴᠢ ᠴᠢᠨᠠᠷ ᠤᠨ ᠬᠥᠮᠦᠵᠢᠯ ᠢ ᠦᠨᠡᠨ ᠬᠦ ᠤᠶᠤᠨ ᠲᠠᠷᠢᠬᠢᠨ ᠳᠤᠨᠢ ᠰᠢᠩᠬᠡᠬᠡᠵᠤ᠂ ᠰᠡᠳᠭᠢᠯ ᠵᠢᠷᠦᠬᠡᠨ ᠳᠤᠨᠢ ᠬᠠᠳᠠᠩᠰᠢᠭᠤᠯᠵᠤ᠂ ᠰᠤᠷᠤᠭᠴᠢᠳ ᠲᠤ ᠨᠠᠰᠤᠨ ᠲᠤᠷᠰᠢᠳᠠ ᠴᠡᠭᠡᠵᠢᠯᠡᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠲᠤᠰᠬᠠᠶᠢᠵᠢᠭᠰᠠᠨ ᠴᠢᠳᠠᠪᠤᠷᠢ ᠶᠢᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ ᠬᠡᠵᠤ ᠵᠢᠭᠠᠵᠤ ᠭᠠᠷᠭᠠᠪᠠ᠃
ᠵᠣᠬᠢᠶᠠᠯ ᠳᠤ᠂ ᠨᠠᠮ ᠤᠨ ᠰᠤᠷᠭᠠᠭᠤᠯᠢ ᠶᠢᠨ ᠤᠬ ᠰᠠᠨᠠᠭ᠎ᠠ ᠶᠢ ᠪᠠᠲᠤ ᠰᠠᠬᠢᠬᠤ ᠳᠤ ᠡᠷᠬᠡᠪᠰᠢ ᠨᠠᠮ ᠤᠨ ᠦᠵᠡᠯ ᠰᠠᠨᠠᠭ᠎ᠠ ᠤᠨᠤᠯ ᠤᠨ ᠪᠠᠶᠢᠭᠤᠯᠤᠯᠲᠠ ᠶᠢᠨ ᠰᠢᠨ᠎ᠡ ᠬᠦᠴᠦᠨ ᠪᠣᠯᠬᠤ ᠪᠠᠷ ᠴᠢᠷᠮᠠᠶᠢᠬᠤ ᠬᠡᠷᠡᠭᠲᠡᠢ᠃ ᠨᠠᠮ ᠤᠨ ᠰᠤᠷᠭᠠᠭᠤᠯᠢ ᠨᠢ ᠨᠠᠮ ᠤᠨ ᠦᠵᠡᠯ ᠰᠠᠨᠠᠭ᠎ᠠ ᠤᠨᠤᠯ ᠤᠨ ᠹᠷᠣᠨᠲ ᠤᠨ ᠴᠢᠬᠤᠯᠠ ᠴᠡᠷᠢᠭ ᠪᠣᠯᠤᠭᠰᠠᠨ ᠤ ᠬᠤᠪᠢ ᠳᠤ᠂ ᠨᠠᠮ ᠳᠤ ᠠᠷᠭ᠎ᠠ ᠪᠤᠳᠤᠯᠭ᠎ᠠ ᠭᠠᠷᠭᠠᠵᠤ ᠦᠭᠬᠦ ᠴᠢᠬᠤᠯᠠ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠤᠨᠤᠯ ᠤᠨ ᠰᠤᠳᠤᠯᠭᠠᠨ᠂ ᠠᠷᠭᠠᠴᠠᠬᠤ ᠪᠤᠳᠤᠯᠭ᠎ᠠ ᠶᠢᠨ ᠰᠤᠳᠤᠯᠭᠠᠨ ᠭᠡᠬᠦ ᠡᠨᠡ ᠬᠦ ᠵᠢᠮ᠎ᠡ ᠶᠣᠰᠣ ᠶᠢ ᠬᠠᠶᠢᠨ ᠰᠦᠪᠡᠭᠴᠢᠯᠡᠬᠦ᠂ ᠤᠯᠤᠰ ᠬᠦᠷᠦᠨ ᠢ ᠵᠠᠰᠠᠬᠤ ᠳᠤ ᠴᠢᠬᠤᠯᠠ ᠦᠨ᠎ᠡ ᠦᠷᠳᠡᠭ ᠲᠠᠢ ᠡᠷᠳᠡᠮ ᠰᠢᠨᠵᠢᠯᠡᠭᠡ ᠶᠢ ᠰᠠᠶᠢᠲᠤᠷ ᠬᠢᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ᠂ ᠨᠠᠮ ᠤᠨ ᠤᠨᠤᠯ ᠤᠨ ᠰᠢᠨ᠎ᠡ ᠡᠭᠦᠳᠦᠯᠲᠡ ᠶᠢ ᠠᠬᠢᠭᠤᠯᠬᠤ᠂ ᠨᠠᠮ ᠪᠣᠯᠤᠨ ᠵᠠᠰᠠᠭ ᠤᠨ ᠣᠷᠳᠣᠨ ᠳᠤ ᠰᠠᠨᠠᠯ ᠰᠠᠨᠠᠭᠤᠯᠭ᠎ᠠ ᠠᠷᠭ᠎ᠠ ᠪᠤᠳᠤᠯᠭ᠎ᠠ ᠳᠤᠷᠠᠳᠬᠤ ᠵᠡᠷᠭᠡ ᠲᠠᠯ᠎ᠠ ᠪᠠᠷ ᠴᠢᠨᠠᠷ ᠰᠠᠶᠢᠲᠠᠢ ᠦᠷ᠎ᠡ ᠪᠦᠲᠦᠭᠡᠯ ᠭᠠᠷᠭᠠᠬᠤ ᠬᠡᠷᠡᠭᠲᠡᠢ᠃ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠤᠬᠠᠭᠤᠯᠤᠨ ᠲᠠᠶᠢᠯᠪᠤᠷᠢᠯᠠᠬᠤ ᠶᠢᠨ ᠲᠦᠯᠦᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠳᠤᠯᠤᠨ ᠲᠠᠶᠢᠯᠪᠤᠷᠢᠯᠠᠬᠤ ᠠᠵᠢᠯ ᠢ ᠴᠢᠩᠭᠠᠳᠬᠠᠵᠤ᠂ ᠲᠦᠬᠦᠮ ᠣᠶᠢᠯᠠᠭᠠᠮᠵᠢᠲᠠᠢ ᠦᠭᠡ ᠬᠡᠯᠡ ᠪᠠᠷ ᠲᠡᠭᠦᠨ ᠤ ᠳᠣᠲᠣᠷᠠᠬᠢ ᠶᠣᠰᠣ ᠵᠦᠢ ᠭᠦᠨ ᠤᠬᠠᠭᠠᠨ ᠢ ᠬᠥᠮᠦᠰ ᠢ ᠪᠢᠰᠢᠷᠡᠭᠦᠯᠦᠮ᠎ᠡ ᠲᠠᠶᠢᠯᠪᠤᠷᠢᠯᠠᠵᠤ᠂ ᠠᠮᠢᠳᠤ ᠰᠣᠷᠭᠤᠭ ᠦᠵᠡᠯ ᠰᠠᠨᠠᠭ᠎ᠠ ᠶᠢ ᠦᠨᠡᠨ ᠬᠦ ᠠᠮᠢᠳᠤᠯᠢᠭ ᠰᠠᠶᠢᠬᠠᠨ ᠲᠠᠶᠢᠯᠪᠤᠷᠢᠯᠠᠵᠤ᠂ ᠲᠦᠢᠯᠪᠤᠷᠢᠲᠠᠢ ᠤᠨᠤᠯ ᠢ ᠲᠦᠢᠯᠪᠤᠷᠢᠲᠠᠢ ᠲᠠᠶᠢᠯᠪᠤᠷᠢᠯᠠᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠬᠥᠮᠦᠰ ᠤᠨ ᠰᠡᠳᠭᠢᠯ ᠳᠤ ᠬᠠᠳᠠᠩᠰᠢᠭᠤᠯᠬᠤ ᠶᠢ ᠬᠦᠴᠦᠲᠡᠢ ᠠᠬᠢᠭᠤᠯᠬᠤ ᠬᠡᠷᠡᠭᠲᠡᠢ᠃ ᠴᠢᠬᠤᠯᠠ ᠶᠡᠭᠡ ᠪᠣᠳᠠᠲᠤ ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠬᠤ ᠪᠣᠯ ᠨᠠᠮ ᠤᠨ ᠰᠤᠷᠭᠠᠭᠤᠯᠢ ᠶᠢᠨ ᠨᠠᠮ ᠳᠤ ᠠᠷᠭ᠎ᠠ ᠪᠤᠳᠤᠯᠭ᠎ᠠ ᠭᠠᠷᠭᠠᠵᠤ ᠦᠭᠬᠦ ᠴᠢᠬᠤᠯᠠ ᠠᠭᠤᠯᠭ᠎ᠠ ᠮᠥᠨ᠂ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠯᠤᠭ᠎ᠠ ᠶᠢᠨ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ᠂ ᠢᠳᠬᠠᠯ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠪᠤᠳᠤᠯᠭ᠎ᠠ ᠳᠡᠪᠰᠢᠭᠦᠯᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠬᠦ ᠰᠢᠨ᠎ᠡ ᠣᠶᠢᠯᠠᠭᠠᠭᠳᠠᠬᠤᠨ ᠰᠢᠨ᠎ᠡ ᠰᠡᠳᠭᠢᠴᠡ ᠰᠢᠨ᠎ᠡ ᠠᠷᠭ᠎ᠠ ᠶᠢ ᠳᠤᠷᠠᠳᠴᠤ᠂ ᠨᠠᠮ ᠪᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠴᠠᠭ ᠲᠤᠬᠠᠢ ᠳᠤᠨᠢ ᠬᠦᠴᠦᠲᠡᠢ ᠤᠶᠤᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ᠂ ᠢᠯᠠᠩᠭᠤᠶ᠎ᠠ ᠥᠪᠡᠷᠮᠢᠴᠡ ᠡᠬᠢ ᠪᠠᠶᠠᠯᠢᠭ ᠪᠤᠯᠬᠤ ᠰᠤᠷᠤᠯᠭᠠᠲᠠᠳ ᠢ ᠰᠠᠶᠢᠲᠤᠷ ᠠᠰᠢᠭᠯᠠᠵᠤ᠂ ᠰᠤᠷᠤᠯᠭᠠᠲᠠᠳ ᠤᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠵᠥᠪᠯᠡᠯᠭᠡ ᠥᠭᠬᠦ ᠲᠣᠭᠲᠡᠴᠡ ᠶᠢᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠢ᠃ ᠨᠠᠮ ᠤᠨ ᠰᠤᠷᠭᠠᠭᠤᠯᠢ ᠪᠣᠯ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠴᠢᠬᠤᠯᠠ ᠡᠮᠦᠨ᠎ᠡ ᠹᠷᠣᠨᠲ ᠮᠥᠨ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠢᠳᠡᠪᠬᠢᠲᠡᠢ ᠤᠬᠠᠭᠤᠯᠤᠨ ᠲᠠᠶᠢᠯᠪᠤᠷᠢᠯᠠᠭᠴᠢ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢᠨ ᠡᠷᠡᠰ ᠬᠠᠮᠠᠭᠠᠯᠠᠭᠴᠢ ᠪᠤᠯᠵᠤ᠂ ᠨᠠᠮ ᠤᠨ ᠦᠵᠡᠯ ᠤᠬᠠᠮᠰᠠᠷ ᠤᠨ ᠬᠡᠯᠪᠡᠷᠢ ᠪᠠᠷ ᠨᠡᠶᠢᠭᠡᠮ ᠤᠨ ᠦᠵᠡᠯ ᠰᠠᠨᠠᠭᠠᠨ ᠤ ᠤᠷᠤᠰᠬᠠᠯ ᠢ ᠬᠦᠲᠦᠯᠦᠨ ᠵᠢᠯᠣᠭᠤᠳᠬᠤ ᠨᠠᠶᠢᠳᠠᠪᠤᠷᠢᠲᠠᠢ ᠬᠤᠰᠢᠭᠤᠴᠢ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠨᠠᠮ ᠤᠨ ᠰᠤᠷᠭᠠᠭᠤᠯᠢ ᠶᠢᠨ ᠤᠬ ᠰᠠᠨᠠᠭ᠎ᠠ ᠶᠢ ᠪᠠᠲᠤ ᠰᠠᠬᠢᠬᠤ ᠳᠤ ᠡᠷᠬᠡᠪᠰᠢ ᠰᠤᠷᠭᠠᠭᠤᠯᠢ ᠶᠢ ᠴᠢᠩᠭ᠎ᠠ ᠵᠠᠰᠠᠬᠤ᠂ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠰᠤᠷᠭᠠᠭᠤᠯᠢ ᠶᠢ ᠴᠢᠩᠭ᠎ᠠ ᠵᠠᠰᠠᠬᠤ ᠪᠣᠯ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠴᠢᠭᠯᠡᠯᠲᠡ ᠮᠥᠨ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢᠨ ᠨᠠᠮ ᠤᠨ ᠰᠤᠷᠭᠠᠭᠤᠯᠢ ᠶᠢᠨ ᠠᠵᠢᠯ ᠳᠠᠬᠢ ᠪᠣᠳᠠᠲᠠᠶ ᠢᠯᠡᠷᠡᠯ ᠮᠥᠨ᠃ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠪᠣᠯ ᠨᠠᠮ ᠤᠨ ᠰᠤᠷᠭᠠᠭᠤᠯᠢ ᠶᠢᠨ ᠠᠵᠢᠯ ᠤᠨ ᠴᠢᠬᠤᠯᠠ ᠵᠢᠷᠤᠮᠯᠠᠯ ᠮᠥᠨ᠂ ᠨᠠᠮ ᠤᠨ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠴᠢᠬᠤᠯᠠ ᠭᠠᠷᠳᠡᠴᠡ ᠮᠥᠨ᠃ ᠶᠠᠰᠤ ᠴᠢᠨᠠᠷ ᠢᠶᠠᠷ ᠰᠤᠷᠭᠠᠭᠤᠯᠢ ᠪᠠᠶᠢᠭᠤᠯᠬᠤ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠪᠠᠨ ᠵᠠᠰᠠᠬᠤ ᠶᠢᠨ ᠠᠮᠢ ᠨᠠᠰᠤᠨ ᠤ ᠢᠨᠵᠧᠨᠧᠷᠢᠩ ᠪᠣᠯᠭᠠᠵᠤ᠂ ᠰᠤᠷᠭᠠᠭᠤᠯᠢ ᠡᠷᠬᠢᠯᠡᠬᠦ ᠶᠠᠰᠤ ᠴᠢᠨᠠᠷ ᠢ ᠪᠦᠬᠦᠯᠢ ᠴᠣᠭᠴᠠ ᠪᠠᠷ ᠳᠡᠭᠡᠭᠰᠢᠯᠡᠭᠦᠯᠵᠦ᠂ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ ᠳᠤ᠂ ᠨᠠᠮ ᠤᠨ ᠰᠤᠷᠭᠠᠭᠤᠯᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠮᠠᠨ ᠤ ᠨᠠᠮ ᠤᠨ ᠨᠠᠮ ᠤᠨ ᠰᠤᠷᠭᠠᠭᠤᠯᠢ ᠡᠷᠬᠢᠯᠡᠬᠦ ᠦᠨᠳᠦᠰᠦᠨ ᠲᠤᠷᠰᠢᠯᠭ᠎ᠠ ᠮᠥᠨ᠂ ᠮᠦᠨ ᠴᠤ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠦᠨᠳᠦᠰᠦᠨ ᠪᠠᠲᠤᠯᠠᠭ᠎ᠠ ᠮᠥᠨ᠃ ᠨᠠᠮ ᠤᠨ ᠰᠤᠷᠭᠠᠭᠤᠯᠢ ᠪᠣᠯ ᠨᠠᠮ ᠤᠨ ᠡᠷᠬᠢᠮ ᠨᠠᠨᠳᠢᠨ ᠠᠳᠠᠯ ᠦᠢᠯᠡᠰ ᠪᠣᠯᠬᠤᠷ ᠴᠢᠩᠭᠠᠳᠬᠠᠬᠤ ᠠᠴᠠ ᠪᠢᠰᠢ ᠰᠤᠯᠠᠷᠠᠭᠤᠯᠵᠤ ᠪᠣᠯᠬᠤ ᠦᠭᠡᠢ᠃ ᠪᠦᠬᠦ ᠨᠠᠮ ᠢᠶᠠᠷ ᠢᠶᠠᠨ ᠨᠠᠮ ᠤᠨ ᠰᠤᠷᠭᠠᠭᠤᠯᠢ ᠶᠢ ᠡᠷᠬᠢᠯᠡᠬᠦ ᠶᠢ ᠪᠠᠷᠢᠮᠲᠠᠯᠠᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ᠂ ᠬᠤᠯᠪᠣᠭᠳᠠᠯ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠰᠤᠷᠭᠠᠭᠤᠯᠢ ᠶᠢᠨ ᠠᠵᠢᠯ ᠦᠢᠯᠡᠰ ᠤᠨ ᠬᠥᠭᠵᠢᠯᠲᠡ ᠶᠢ ᠳᠡᠮᠵᠢᠵᠦ᠂ ᠨᠠᠮ ᠤᠨ ᠰᠤᠷᠭᠠᠭᠤᠯᠢ ᠶᠢ ᠬᠠᠮᠲᠤ ᠪᠠᠷ ᠰᠠᠶᠢᠲᠤᠷ ᠡᠷᠬᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃