ᠵᠤᠬᠢᠶᠠᠭᠴᠢ:
ᠴᠠᠭ:2023-04-07
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠬᠤᠸᠠᠩ ᡁᠢ ᠴᠢᠶᠠᠩ ᠬᠥᠯᠥᠨ ᠪᠤᠶᠢᠷ ᠬᠤᠳᠠ ᠳᠤ ᠰᠢᠮᠳᠠᠭᠤᠯᠤᠨ ᠵᠢᠯᠤᠭᠤᠳᠬᠤ ᠳᠤ ᠪᠠᠨ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ
2023 4 ᠳ᠋ᠦ᠋ᠭᠡᠷ ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠂ ᠠᠮᠤᠷ ᠲᠦᠪᠰᠢᠨ ᠤ ᠳᠠᠯᠳᠠ ᠬᠡᠮ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯ ᠢ ᠲᠤᠬᠠᠢ ᠶᠢᠨ ᠭᠠᠵᠠᠷ ᠲᠤ ᠨᠢ ᠰᠢᠮᠳᠠᠭᠤᠯᠤᠨ ᠵᠢᠯᠤᠭᠤᠳᠴᠤ ᠂ ᠨᠠᠭᠤᠷ ᠭᠤᠣᠯ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ᠃
ᠬᠤᠸᠠᠩ ᡁᠢ ᠴᠢᠶᠠᠩ ᠤᠷᠢᠳ ᠬᠤᠵᠢᠳ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠶᠢᠨ ᠭᠠᠯ ᠰᠡᠷᠭᠡᠶᠢᠯᠡᠬᠦ ᠰᠠᠯᠪᠤᠷᠢ ᠠᠩᠭᠢ ᠂ ᠥᠪᠥᠷ ᠮᠣᠩᠭᠤᠯ ᠤᠨ ᠤᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠤᠯᠤᠰ ᠤᠨ ᠲᠡᠰ ᠤᠨ ᠨᠥᠭᠡᠴᠡᠯᠡᠬᠦ ᠬᠥᠮᠥᠷᠭᠡ ᠪᠣᠯᠣᠨ ᠭᠠᠯ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠲᠥᠪ ᠂ ᠮᠠᠨᠵᠤᠤᠷ ᠤᠨ ᠬᠢᠯᠢ ᠶᠢᠨ ᠲᠤᠰᠠᠭᠠᠷᠯᠠᠬᠤ ᠪᠦᠰᠡ ᠂ ᠵᠠᠯᠠᠶᠢᠨᠠᠭᠤᠷ ᠤᠨ ᠨᠡᠭᠦᠷᠡᠰᠦᠨ ᠤ ᠦᠢᠯᠡᠰ ᠤᠨ ᠺᠣᠮᠫᠠᠨᠢ ᠶᠢᠨ ᠯᠢᠩ ᠯᠦ ᠨᠡᠭᠦᠷᠡᠰᠦᠨ ᠠᠭᠤᠷᠬᠠᠢ ᠳᠤ ᠬᠦᠷᠴᠦ ᠂ ᠰᠡᠷᠭᠡᠶᠢᠯᠡᠯᠲᠡ ᠪᠠᠶᠢᠷᠢᠯᠠᠭᠤᠯᠬᠤ ᠬᠦᠴᠦᠨ ᠂ ᠡᠳ᠋ ᠪᠣᠳᠠᠰ ᠤᠨ ᠨᠥᠭᠡᠴᠡᠯᠡᠯᠲᠡ ᠂ ᠭᠠᠯ ᠰᠡᠷᠭᠡᠶᠢᠯᠡᠬᠦ ᠬᠢᠨᠠᠨ ᠰᠢᠨᠵᠢᠯᠡᠯᠲᠡ ᠵᠡᠷᠭᠡ ᠠᠵᠢᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠵᠤ ᠂ ᠠᠮᠤᠷ ᠲᠦᠪᠰᠢᠨ ᠤ ᠳᠠᠯᠳᠠ ᠭᠡᠮ ᠤᠨ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠤᠨ ᠠᠵᠢᠯ ᠢ ᠰᠢᠮᠳᠠᠭᠤᠯᠤᠨ ᠵᠢᠯᠣᠭᠤᠳᠴᠠᠢ ᠃ ᠲᠡᠷᠡ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ ᠂ ᠨᠡᠩ ᠴᠢᠩᠭ᠎ᠠ ᠱᠠᠭᠠᠷᠳᠠᠯᠭ᠎ᠠ ᠂ ᠨᠡᠩ ᠥᠨᠳᠥᠷ ᠪᠠᠷᠢᠮᠵᠢᠶ᠎ᠠ ᠂ ᠨᠡᠩ ᠪᠦᠬᠦ ᠲᠠᠯ᠎ᠠ ᠶᠢᠨ ᠠᠷᠭ᠎ᠠ ᠬᠡᠮᠵᠢᠶ᠎ᠡ ᠪᠠᠷ ᠠᠶᠤᠯ ᠦᠭᠡᠢ ᠦᠢᠯᠡᠳᠪᠦᠷᠢᠯᠡᠯ ᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠸᠠᠩ ᡁᠢ ᠴᠢᠶᠠᠩ ᠪᠠᠰᠠ ᠬᠥᠯᠥᠨ ᠨᠠᠭᠤᠷ ᠂ ᠡᠷᠭᠦᠨ᠎ᠡ ᠭᠤᠣᠯ ᠤᠨ ᠰᠠᠪᠠ ᠭᠠᠵᠠᠷ ᠲᠤ ᠬᠦᠷᠴᠦ ᠨᠠᠭᠤᠷ ᠭᠤᠣᠯ ᠢ ᠴᠠᠭᠳᠠᠨ ᠪᠠᠶᠢᠴᠠᠭᠠᠵᠤ ᠂ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ ᠃