ᠵᠤᠬᠢᠶᠠᠭᠴᠢ:
ᠴᠠᠭ:2023-04-07
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨᠵᠤᠤᠷ ᠬᠤᠲᠠ ᠢᠳᠡᠭᠡᠨ ᠤ ᠵᠦᠢᠯ ᠤᠨ ᠡᠵᠡᠩᠨᠡᠯᠲᠡ ᠶᠢ ᠬᠢᠨᠠᠨ ᠵᠥᠪᠰᠢᠶᠡᠷᠡᠬᠦ ᠴᠤᠪᠤᠷᠠᠯ ᠢᠶᠠᠨ ᠶᠡᠭᠡ ᠪᠠᠷ ᠴᠣᠮᠬᠠᠳᠬᠠᠨ 7 ᠡᠳᠦᠷ ᠤᠨ ᠳᠣᠲᠣᠷ᠎ᠠ ᠦᠨᠡᠮᠯᠡᠯ ᠠᠪᠴᠤ ᠪᠣᠯᠬᠤ ᠪᠣᠯᠭᠠᠪᠠ
《 ᠵᠢᠷᠤᠮᠵᠢᠭᠤᠨ ᠂ ᠴᠣᠮᠬᠠᠨ ᠴᠢᠨᠠᠷᠵᠢᠭᠤᠨ ᠂ ᠬᠤᠷᠳᠤᠨ ᠪᠣᠯᠭᠠᠬᠤ 》 ᠬᠠᠷᠠᠯᠲᠠ ᠶᠢ ᠪᠡᠶᠡᠯᠡᠭᠦᠯᠬᠦ ᠶᠢᠨ ᠲᠤᠰᠠᠳᠠ᠂ 《ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠢ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠭᠳᠡᠯ》 ᠤᠨ ᠱᠠᠭᠠᠷᠳᠠᠯᠭ᠎ᠠ ᠶᠣᠰᠣᠭᠠᠷ᠂ ᠲᠦᠷᠦᠭᠦᠬᠡᠨ ᠮᠠᠨᠵᠤᠤᠷ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠴᠠ ᠳᠠᠷᠤᠶᠢᠬᠠᠨ ᠲᠤᠬᠠᠶᠢᠯᠠᠭᠰᠠᠨ ᠠᠵᠢᠯ ᠤᠨ ᠠᠵᠢᠯᠲᠠᠳ ᠢᠶᠠᠨ ᠵᠣᠬᠢᠶᠠᠨ ᠪᠠᠶᠢᠭᠤᠯᠤᠨ ᠰᠤᠷᠤᠯᠴᠠᠭᠤᠯᠵᠤ᠂ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ ᠲᠤᠬᠠᠶᠢᠯᠠᠭᠰᠠᠨ ᠠᠵᠢᠯ ᠤᠨ ᠠᠭᠤᠯᠭ᠎ᠠ ᠪᠠᠨ ᠰᠢᠯᠢᠳᠡᠭᠵᠢᠭᠦᠯᠵᠡᠢ ᠃
ᠮᠠᠨᠵᠤᠤᠷ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠡᠵᠡᠩᠨᠡᠭᠴᠢ ᠶᠢᠨ ᠡᠵᠡᠩᠨᠡᠯᠲᠡ ᠶᠢᠨ ᠦᠨᠡᠮᠯᠡᠯ ᠪᠤᠶᠤ ᠭᠤᠣᠯ ᠴᠣᠭᠴᠠ ᠶᠢᠨ ᠬᠢᠷᠢ ᠬᠡᠮ ᠢ ᠭᠡᠷᠡᠴᠢᠯᠡᠬᠦ ᠪᠤᠰᠤᠳ ᠪᠢᠴᠢᠭ ᠮᠠᠲ᠋ᠧᠷᠢᠶᠠᠯ ᠤᠳ ᠤᠨ ᠬᠠᠭᠤᠯᠪᠤᠷᠢ ᠶᠢ ᠠᠪᠬᠤ ᠦᠭᠡᠢ ᠪᠣᠯᠪᠠ ᠃ ᠢᠳᠡᠭᠡᠨ ᠤ ᠠᠮᠤᠷ ᠲᠦᠪᠰᠢᠨ ᠤ ᠳᠦᠷᠢᠮ ᠢᠶᠠᠨ ᠬᠠᠩᠭᠠᠬᠤ ᠴᠢᠬᠤᠯᠠᠲᠠᠢ ᠪᠠᠶᠢᠭᠰᠠᠨ ᠢ ᠢᠳᠡᠭᠡᠨ ᠤ ᠠᠮᠤᠷ ᠲᠦᠪᠰᠢᠨ ᠤ ᠳᠦᠷᠢᠮ ᠤᠨ ᠭᠠᠷᠴᠠᠭ ᠰᠣᠩᠭᠤᠨ ᠲᠠᠭᠯᠠᠬᠤ ᠪᠣᠯᠭᠠᠨ ᠥᠭᠡᠷᠡᠴᠢᠯᠡᠵᠦ᠂ ᠭᠤᠶᠤᠴᠢᠯᠠᠭᠴᠢ ᠲᠣᠰ ᠵᠦᠢᠯ ᠤᠨ ᠮᠠᠲ᠋ᠧᠷᠢᠶᠠᠯ ᠢᠶᠠᠨ ᠭᠤᠶᠤᠴᠢᠯᠠᠬᠤ ᠦᠵᠦᠭᠦᠷ ᠰᠦᠯᠵᠢᠶᠡᠨ ᠳᠤ ᠣᠷᠤᠭᠤᠯᠬᠤ ᠴᠢᠬᠤᠯᠠ ᠦᠭᠡᠢ ᠪᠣᠯᠵᠠᠢ ᠃ ᠠᠬᠤᠢ ᠲᠠᠯᠠᠪᠠᠢ ᠳᠤ ᠬᠠᠷᠭᠤᠭᠤᠯᠤᠨ ᠪᠠᠶᠢᠴᠠᠭᠠᠬᠤ ᠦᠶᠡᠰ ᠲᠤ ᠂ ᠬᠠᠷᠭᠤᠭᠤᠯᠤᠨ ᠪᠠᠶᠢᠴᠠᠭᠠᠬᠤ ᠱᠠᠭᠠᠷᠳᠠᠯᠭ᠎ᠠ ᠶᠣᠰᠤᠭᠠᠷ ᠳᠦᠷᠢᠮ ᠤᠨ ᠪᠢᠴᠢᠭ ᠮᠠᠲ᠋ᠧᠷᠢᠶᠠᠯ ᠢ ᠪᠠᠶᠢᠴᠠᠭᠠᠨ᠎ᠠ᠃ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ᠢ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 9 ᠡᠳᠦᠷ ᠪᠠᠶᠢᠭᠰᠠᠨ ᠠᠴᠠ ᠨᠢ 7 ᠡᠳᠦᠷ ᠪᠣᠯᠭᠠᠨ ᠪᠣᠭᠤᠨᠢᠰᠬᠠᠵᠠᠢ ᠂ ᠡᠭᠦᠨ ᠳᠤ ᠭᠥᠯᠢᠶᠡᠨ ᠠᠪᠴᠤ ᠰᠢᠢᠳᠪᠦᠷᠢᠯᠡᠬᠦ ᠪᠠ ᠮᠠᠲ᠋ᠧᠷᠢᠶᠠᠯ ᠢ ᠬᠢᠨᠠᠨ ᠪᠠᠶᠢᠴᠠᠭᠠᠬᠤ ᠶᠠᠪᠤᠴᠠ ᠶᠢ ᠬᠠᠮᠲᠤᠳᠬᠠᠭᠠᠳ 1 ᠡᠳᠦᠷ ᠪᠣᠯᠭᠠᠵᠤ᠂ ᠠᠬᠤᠢ ᠲᠠᠯᠠᠪᠠᠢ ᠳᠤ ᠬᠠᠷᠭᠤᠭᠤᠯᠤᠨ ᠪᠠᠶᠢᠴᠠᠭᠠᠬᠤ ᠴᠠᠭ ᠢ 5 ᠡᠳᠦᠷ ᠪᠠᠶᠢᠭᠰᠠᠨ ᠠᠴᠠ ᠨᠢ 4 ᠡᠳᠦᠷ ᠪᠣᠯᠭᠠᠨ ᠰᠢᠯᠢᠳᠡᠭᠵᠢᠭᠦᠯᠪᠡ ᠃
ᠳᠠᠷᠠᠭᠠᠴᠢ ᠪᠠᠷ ᠂ ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠠᠴᠠ ᠠᠵᠢᠯ ᠶᠠᠪᠤᠳᠠᠯ ᠭᠦᠢᠴᠡᠳᠭᠡᠬᠦ ᠴᠣᠪᠤᠷᠠᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠨᠠᠷᠢᠯᠢᠭ ᠨᠢᠮᠪᠠᠢ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠢ ᠠᠵᠢᠯ ᠶᠠᠪᠤᠳᠠᠯ ᠭᠦᠢᠴᠡᠳᠭᠡᠬᠦ ᠳᠤ ᠨᠢ ᠨᠠᠩ ᠰᠡᠳᠬᠢᠯ ᠠᠮᠤᠷ᠂ ᠨᠠᠩ ᠳᠥᠭᠦᠮ ᠳᠥᠲᠡ᠂ ᠨᠠᠩ ᠥᠨᠳᠥᠷ ᠦᠷ᠎ᠡ ᠪᠦᠲᠦᠮᠵᠢ ᠲᠠᠢ ᠪᠣᠯᠭᠠᠨ ᠂ ᠲᠡᠳᠡᠨ ᠳᠤ ᠬᠤᠷᠳᠤᠨ ᠂ ᠬᠠᠯᠠᠭᠤᠮᠰᠤᠭ ᠂ ᠪᠦᠲᠦᠮᠵᠢᠲᠡᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠮᠡᠳᠡᠷᠡᠭᠦᠯᠵᠦ᠂ ᠣᠯᠠᠨ ᠲᠦᠮᠡᠨ ᠳᠤ ᠲᠠᠭᠠᠰᠢᠶᠠᠭᠳᠠᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠂ ᠣᠯᠠᠨ ᠲᠦᠮᠡᠨ ᠤ ᠬᠦᠷᠲᠡᠭᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠵᠦ᠂ ᠮᠠᠨᠵᠤᠤᠷ ᠬᠤᠲᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠨ᠎ᠡ᠃