ᠵᠤᠬᠢᠶᠠᠭᠴᠢ:
ᠴᠠᠭ:2023-04-14
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠠᠳᠠᠭᠠᠳᠤ ᠠᠷᠠᠯᠵᠢᠶ᠎ᠠ ᠶᠢ ᠠᠬᠢᠭᠤᠯᠤᠨ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ︽ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠨᠢᠰᠦᠯᠲᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ︵ᠨᠣᠣᠷᠠᠭ︶︾ ᠢ ᠬᠢᠨᠠᠨ ᠵᠥᠪᠯᠡᠵᠦ ᠪᠠᠲᠤᠯᠠᠨ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠳᠥᠯᠥᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠪᠠ
ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 2023 4 ᠳ᠋ᠦ᠋ᠭᠡᠷ ᠰᠠᠷ᠎ᠠ ᠶᠢᠨ 7 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠭᠠᠳᠠᠭᠠᠳᠤ ᠠᠷᠠᠯᠵᠢᠶ᠎ᠠ ᠶᠢ ᠠᠬᠢᠭᠤᠯᠤᠨ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ 《ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠨᠢᠰᠦᠯᠲᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ ︵ᠨᠣᠣᠷᠠᠭ︶》 ᠢ ᠬᠢᠨᠠᠨ ᠵᠥᠪᠯᠡᠵᠦ ᠪᠠᠲᠤᠯᠠᠨ᠂ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠬᠡᠯᠲᠦᠷᠢᠭᠦᠯᠬᠦ ᠵᠢᠴᠢ ᠡᠬᠡ ᠮᠥᠩᠭᠦ ᠶᠢ ᠬᠤᠶᠢᠰᠢᠯᠠᠭᠤᠯᠤᠨ ᠳᠥᠯᠥᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠬᠦ ᠪᠠᠷ ᠲᠣᠭᠲᠠᠪᠠ᠃
ᠬᠤᠷᠠᠯ ᠠᠴᠠ ᠵᠢᠭᠠᠵᠤ ᠭᠠᠷᠭᠠᠭᠰᠠᠨ ᠨᠢ᠂ ᠭᠠᠳᠠᠭᠠᠳᠤ ᠠᠷᠠᠯᠵᠢᠶ᠎ᠠ ᠶᠢ ᠠᠬᠢᠭᠤᠯᠤᠨ ᠬᠡᠪᠴᠢᠶ᠎ᠡ ᠶᠢ ᠲᠣᠭᠲᠠᠪᠤᠷᠢᠵᠢᠭᠤᠯᠵᠤ ᠪᠦᠲᠦᠴᠡ ᠶᠢ ᠰᠢᠯᠢᠳᠡᠭᠵᠢᠭᠦᠯᠬᠦ ᠨᠢ ᠨᠡᠮᠡᠭᠳᠡᠯ ᠢ ᠲᠣᠭᠲᠠᠪᠤᠷᠢᠵᠢᠭᠤᠯᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠬᠤ ᠦᠢᠯᠡᠳᠦᠯ ᠲᠠᠢ ᠶᠤᠮ᠃ ᠠᠳᠠᠯᠢ ᠪᠤᠰᠤ ᠬᠦᠷᠢᠶᠡᠨ ᠤ ᠪᠣᠳᠠᠲᠠᠢ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢ ᠳᠠᠰᠤᠷᠠᠯᠳᠠ ᠦᠭᠡᠢ ᠪᠦᠷᠢᠨᠰᠢᠭᠦᠯᠬᠦ᠂ ᠲᠣᠬᠢᠷᠠᠭᠤᠯᠤᠯᠲᠠ ᠬᠢᠬᠦ ᠪᠠ ᠲᠡᠭᠦᠯᠳᠡᠷᠵᠢᠭᠦᠯᠵᠦ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠦᠨ᠂ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠶᠢ ᠲᠣᠭᠲᠠᠪᠤᠷᠢᠵᠢᠭᠤᠯᠤᠨ ᠵᠠᠬ᠎ᠠ ᠳᠡᠯᠭᠡᠭᠦᠷ ᠢ ᠥᠷᠭᠡᠳᠬᠡᠬᠦ ᠬᠡᠷᠡᠭᠲᠡᠢ᠃ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠥᠭᠵᠢᠭᠰᠡᠨ ᠠᠵᠤ ᠠᠬᠤᠢ ᠶᠢᠨ ᠴᠣᠭᠴᠠ ᠳᠠᠬᠢ ᠭᠠᠳᠠᠭᠠᠳᠤ ᠭᠠᠷᠭᠠᠯᠲᠠ ᠶᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠥᠭᠵᠢᠵᠦ ᠪᠠᠶᠢᠭ᠎ᠠ ᠤᠯᠤᠰ ᠤᠳ ᠤᠨ ᠵᠠᠬ᠎ᠠ ᠳᠡᠯᠭᠡᠭᠦᠷ ᠪᠠ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠵᠡᠷᠭᠡ ᠣᠷᠣᠨ ᠪᠦᠰᠡ ᠶᠢᠨ ᠵᠠᠬ᠎ᠠ ᠳᠡᠯᠭᠡᠭᠦᠷ ᠢ ᠭᠦᠨᠵᠡᠭᠡᠢ ᠨᠡᠭᠡᠭᠡᠬᠦ ᠬᠡᠷᠡᠭᠲᠡᠢ᠃ ᠭᠠᠳᠠᠭᠠᠳᠤ ᠠᠷᠠᠯᠵᠢᠶᠠᠨ ᠤ ᠲᠣᠮᠣ ᠮᠤᠵᠢ ᠶᠢᠨ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ ᠭᠤᠣᠯ ᠬᠦᠴᠦᠨ ᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠡᠯ᠎ᠡ ᠭᠠᠵᠠᠷ ᠤᠨ ᠬᠢᠨ ᠤ ᠭᠠᠵᠠᠷ ᠣᠷᠣᠨ ᠤ ᠪᠠᠨ ᠪᠠᠶᠢᠳᠠᠯ ᠳᠤ ᠨᠢ ᠲᠣᠬᠢᠷᠠᠭᠤᠯᠤᠨ ᠢᠵᠢ ᠪᠦᠷᠢᠳᠦᠭᠦᠯᠦᠭᠰᠡᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠲᠣᠭᠲᠠᠭᠠᠬᠤ ᠶᠢ ᠵᠣᠷᠢᠭᠵᠢᠭᠤᠯᠵᠤ᠂ ᠲᠦᠷᠦ ᠶᠢᠨ ᠪᠣᠳᠣᠯᠭ᠎ᠠ ᠶᠢᠨ ᠬᠠᠮᠵᠢᠯᠴᠠᠬᠤ ᠦᠢᠯᠡᠳᠦᠯ ᠨᠥᠯᠥᠭᠡ ᠶᠢ ᠴᠢᠩᠭᠠᠳᠬᠠᠬᠤ ᠬᠡᠷᠡᠭᠲᠡᠢ ᠭᠡᠵᠡᠢ᠃
ᠬᠤᠷᠠᠯ ᠠᠴᠠ 《ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠨᠢᠰᠦᠯᠲᠡ ᠶᠢᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠳᠦᠷᠢᠮ ︵ᠨᠣᠣᠷᠠᠭ︶》 ᠢ ᠬᠢᠨᠠᠨ ᠵᠥᠪᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ 《ᠳᠦᠷᠢᠮ》 ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠵᠢᠯᠣᠭᠤᠴᠢ ᠦᠭᠡᠢ ᠠᠭᠠᠷ ᠤᠨ ᠨᠢᠰᠦᠭᠦᠷ ᠤᠨ ᠨᠢᠰᠦᠯᠲᠡ ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢ ᠵᠢᠷᠤᠮᠵᠢᠭᠤᠯᠤᠨ᠂ ᠬᠠᠮᠢᠶ᠎ᠠ ᠪᠦᠬᠦᠢ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠢ ᠠᠬᠢᠭᠤᠯᠵᠤ᠂ ᠠᠭᠠᠷ ᠤᠨ ᠠᠶᠠᠯᠠᠯ ᠤᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ᠂ ᠤᠯᠤᠰ ᠤᠨ ᠠᠮᠤᠷ ᠲᠦᠪᠰᠢᠨ ᠢ ᠬᠦᠴᠦᠲᠡᠢ ᠬᠠᠮᠠᠭᠠᠯᠠᠬᠤ ᠬᠡᠷᠡᠭᠲᠡᠢ᠃ ᠠᠮᠤᠷ ᠲᠦᠪᠰᠢᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠦᠢᠯᠡᠳᠪᠦᠷᠢᠯᠡᠵᠦ ᠪᠣᠷᠣᠯᠠᠭᠤᠯᠬᠤ᠂ ᠤᠭᠰᠠᠷᠠᠬᠤ ᠪᠠ ᠥᠭᠡᠷᠡᠴᠢᠯᠡᠨ ᠤᠭᠰᠠᠷᠠᠬᠤ᠂ ᠳᠡᠩᠰᠡᠯᠡᠵᠦ ᠢᠯᠭᠠᠨ ᠲᠠᠨᠢᠬᠤ᠂ ᠠᠵᠢᠯᠲᠠᠨ ᠤ ᠬᠢᠷᠢ ᠬᠡᠮ᠂ ᠠᠵᠢᠯᠯᠠᠭᠠᠨ ᠢ ᠬᠢᠨᠠᠨ ᠡᠵᠡᠮᠳᠡᠬᠦ ᠵᠡᠷᠭᠡ ᠪᠥᠬᠦ ᠬᠡᠯᠬᠢᠶ᠎ᠡ ᠠᠴᠠ ᠡᠭᠦᠰᠦᠨ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠦᠷᠭᠡᠳᠬᠡᠨ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠪᠦᠷᠢᠨᠰᠢᠭᠦᠯᠦᠨ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠨᠢᠰᠦᠯᠲᠡ ᠶᠢᠨ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠶᠡᠭᠡ ᠪᠠᠷ ᠠᠬᠢᠭᠤᠯᠵᠤ᠂ ᠪᠡᠶ᠎ᠡ ᠪᠠᠨ ᠳᠠᠭᠠᠭᠠᠨ ᠡᠵᠡᠮᠳᠡᠵᠦ ᠪᠣᠯᠬᠤᠶᠢᠴᠠ᠂ ᠠᠮᠤᠷ ᠲᠦᠪᠰᠢᠨ ᠨᠠᠶᠢᠳᠠᠪᠤᠷᠢᠲᠠᠢ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠦᠷᠭᠡᠳᠬᠡᠨ ᠪᠠᠶᠢᠭᠤᠯᠵᠤ᠂ ᠮᠡᠷᠭᠡᠵᠢᠯ ᠤᠨ ᠠᠭᠤᠰᠤᠯᠴᠠᠨ ᠰᠢᠨ᠎ᠡ ᠶᠢ ᠡᠭᠦᠳᠬᠦ ᠶᠢ ᠠᠬᠢᠭᠤᠯᠵᠤ᠂ ᠬᠡᠷᠡᠭᠯᠡᠭᠡᠨ ᠤ ᠠᠬᠤᠢ ᠪᠠᠶᠢᠳᠠᠯ ᠢ ᠪᠠᠶᠠᠯᠢᠭᠵᠢᠭᠤᠯᠤᠨ᠂ ᠠᠵᠤ ᠦᠢᠯᠡᠰ ᠤᠨ ᠠᠮᠢ ᠠᠬᠤᠢ ᠶᠢ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠡᠢ᠃
ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠬᠦ ᠶᠢᠨ ᠲᠤᠰᠠᠳᠠ᠂ ᠬᠤᠷᠠᠯ ᠠᠴᠠ᠂ ᠡᠨᠡ ᠵᠢᠯ ᠵᠢᠴᠢ ᠲᠡᠭᠦᠨ ᠠᠴᠠ ᠡᠮᠦᠨᠡᠬᠢ ᠵᠢᠯ ᠤᠳ ᠤᠨ ᠲᠡᠭᠦᠰᠦᠭᠰᠡᠨ ᠰᠤᠷᠤᠭᠴᠢᠳ ᠤᠨ ᠡᠨᠡ ᠵᠢᠯ ᠤᠨ ᠳᠣᠲᠣᠷ᠎ᠠ ᠪᠤᠴᠠᠭᠠᠬᠤ ᠶᠣᠰᠣᠲᠠᠢ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠬᠦᠦ ᠮᠥᠩᠭᠦ ᠶᠢ ᠦᠷᠭᠦᠯᠵᠢᠯᠡᠨ ᠬᠡᠯᠲᠦᠷᠢᠭᠦᠯᠵᠦ᠂ ᠡᠬᠡ ᠮᠥᠩᠭᠦ ᠶᠢᠨ ᠬᠡᠰᠡᠭ ᠮᠥᠩᠭᠦ ᠶᠢ ᠳᠠᠬᠢᠨ ᠨᠢᠭᠡ ᠵᠢᠯ ᠬᠤᠶᠢᠰᠢᠯᠠᠭᠤᠯᠤᠨ ᠪᠤᠴᠠᠭᠠᠬᠤ ᠪᠠᠷ ᠭᠤᠶᠤᠴᠢᠯᠠᠵᠤ ᠪᠣᠯᠬᠤ ᠪᠥᠭᠡᠳ ᠬᠤᠭᠤᠴᠠᠭ᠎ᠠ ᠶᠢ ᠤᠷᠲᠤᠳᠬᠠᠭᠰᠠᠨ ᠵᠢᠭᠡᠯᠡᠯᠭᠡ ᠠᠴᠠ ᠲᠣᠷᠭᠠᠭᠤᠯᠢ ᠶᠢᠨ ᠬᠦᠦ ᠮᠥᠩᠭᠦ ᠪᠠ ᠳᠠᠪᠬᠤᠷ ᠬᠦᠦ ᠮᠥᠩᠭᠦ ᠪᠤᠳᠤᠬᠤ ᠦᠭᠡᠢ ᠭᠡᠵᠦ ᠲᠣᠭᠲᠠᠭᠠᠵᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠠᠪᠤᠳᠠᠯ ᠨᠢᠭᠡᠨᠲᠡ ᠵᠠᠩᠭᠢᠯᠠᠭ᠎ᠠ ᠶᠢᠨ ᠱᠠᠲᠦ ᠦᠶ᠎ᠡ ᠳᠤ ᠣᠷᠣᠭᠠᠳ ᠪᠠᠶᠢᠨ᠎ᠠ᠃ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠭᠰᠡᠨ ᠲᠤᠭ᠎ᠠ ᠪᠠᠷ ᠣᠯᠠᠨ ᠠᠵᠤ ᠠᠬᠤᠶᠢᠯᠠᠯ ᠳᠠᠬᠢ ᠲᠥᠷᠥ ᠶᠢᠨ ᠪᠣᠳᠣᠯᠭ᠎ᠠ᠂ ᠪᠡᠯᠡ ᠮᠥᠩᠭᠦᠨ ᠤ ᠳᠡᠮᠵᠢᠯᠭᠡ ᠶᠢ ᠨᠡᠮᠡᠭᠳᠡᠭᠦᠯᠵᠦ᠂ 《ᠭᠤᠷᠪᠠ ᠶᠢ ᠳᠡᠮᠵᠢᠵᠦ ᠨᠢᠭᠡ ᠶᠢ ᠲᠡᠳᠬᠦᠬᠦ》 ᠵᠡᠷᠭᠡ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠂ ᠲᠤᠰ ᠵᠢᠯ ᠤᠨ ᠲᠡᠭᠦᠰᠬᠦ ᠰᠤᠷᠤᠭᠴᠢᠳ ᠤᠨ ᠣᠯᠠᠨ ᠠᠷᠭ᠎ᠠ ᠵᠠᠮ ᠢᠶᠠᠷ ᠠᠵᠢᠯ ᠣᠯᠬᠤ ᠶᠢ ᠠᠬᠢᠭᠤᠯᠬᠤ ᠬᠡᠷᠡᠭᠲᠡᠢ ᠭᠡᠵᠡᠢ᠃
ᠬᠤᠷᠠᠯ ᠠᠴᠠ ᠴᠢᠬᠤᠯᠠᠴᠢᠯᠠᠭᠰᠠᠨ ᠨᠢ᠂ ᠣᠳᠣᠬᠠᠨ ᠳᠤ ᠠᠵᠤ ᠠᠬᠤᠢ ᠶᠢᠨ ᠰᠡᠷᠭᠦᠯᠲᠡ ᠶᠠᠭ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠭᠦᠨᠵᠡᠭᠡᠢ ᠪᠠᠶᠢᠴᠠᠭᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠠᠵᠤ ᠠᠬᠤᠢ ᠶᠢᠨ ᠠᠵᠢᠯᠯᠠᠭᠠᠨ ᠤ ᠬᠢᠨᠠᠨ ᠰᠢᠨᠵᠢᠯᠡᠯᠲᠡ᠂ ᠪᠠᠶᠢᠳᠠᠯ ᠤᠨ ᠵᠠᠳᠠᠯᠤᠯᠲᠠ ᠪᠠ ᠠᠷᠭᠠᠴᠠᠬᠤ ᠪᠣᠳᠣᠯᠭ᠎ᠠ ᠶᠢᠨ ᠰᠤᠳᠤᠯᠭᠠᠨ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠠᠢ ᠶᠢ ᠡᠷᠬᠢᠮᠯᠡᠭᠰᠡᠨ ᠪᠥᠭᠡᠳ ᠬᠡᠷᠡᠭᠵᠢᠭᠦᠯᠦᠰᠢᠲᠡᠢ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠴᠠᠭ ᠲᠤᠬᠠᠢ ᠳᠤ ᠨᠢ ᠲᠣᠬᠢᠷᠠᠭᠤᠯᠤᠨ ᠨᠡᠶᠢᠲᠡᠯᠡᠵᠦ᠂ ᠵᠠᠬ᠎ᠠ ᠳᠡᠯᠭᠡᠭᠦᠷ ᠤᠨ ᠵᠢᠱᠢᠯᠲᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠤᠨ᠂ ᠬᠥᠭᠵᠢᠯᠲᠡ ᠶᠢᠨ ᠢᠲᠡᠭᠡᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠥᠷᠭᠡᠳᠬᠡᠵᠦ᠂ ᠠᠵᠤ ᠠᠬᠤᠢ ᠶᠢᠨ ᠠᠵᠢᠯᠯᠠᠭᠠᠨ ᠤ ᠦᠷᠭᠦᠯᠵᠢᠯᠡᠨ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠬᠡᠷᠡᠭᠲᠡᠢ ᠭᠡᠵᠡᠢ᠃