ᠵᠤᠬᠢᠶᠠᠭᠴᠢ:
ᠴᠠᠭ:2023-04-14
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠡᠶᠢᠲᠡᠯᠡᠨ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠵᠦ ᠵᠥᠪᠰᠢᠶᠡᠷᠡᠭᠦᠯᠬᠦ ᠪᠠᠷ ᠪᠠᠶᠢᠭ᠎ᠠ ᠪᠠ ᠨᠥᠬᠦᠨ ᠵᠥᠪᠰᠢᠶᠡᠷᠡᠭᠦᠯᠬᠦ 9326 ᠲᠥᠷᠥᠯ ᠵᠦᠢᠯ ᠢ ᠪᠦᠬᠦᠨ ᠢ ᠭᠦᠢᠴᠡᠳᠬᠡᠵᠦ ᠳ᠋ᠤᠭᠠᠷ ᠢ ᠨᠢ ᠬᠠᠰᠤᠪᠠ
ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ ᠂ ᠲᠣᠰ ᠨᠢᠭᠡᠴᠢ ᠶᠢᠨ ᠲᠦᠷᠦᠭᠦᠯᠡᠨ ᠬᠠᠷᠢᠭᠤᠴᠠᠭᠰᠠᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠨᠢ ᠨᠢᠭᠡᠨᠲᠡ ᠮᠡᠳᠡᠭᠦᠯᠬᠦ ᠶᠣᠰᠣᠲᠠᠢ ᠶᠢ ᠨᠢ ᠪᠦᠬᠦᠨ ᠢ ᠮᠡᠳᠡᠭᠦᠯᠵᠦ ᠂ ᠵᠥᠪᠰᠢᠶᠡᠷᠡᠬᠦ ᠶᠣᠰᠣᠲᠠᠢ ᠶᠢ ᠨᠢ ᠪᠦᠬᠦᠨ ᠢ ᠵᠥᠪᠰᠢᠶᠡᠷᠡᠬᠦ ᠶᠢ ᠪᠡᠶᠡᠯᠡᠭᠦᠯᠪᠡ ᠃
ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠮᠠᠨ ᠤ ᠣᠷᠣᠨ ᠨᠢᠳᠤᠨᠤᠨ ᠤ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢ ᠡᠬᠢᠯᠡᠭᠦᠯᠵᠦ ᠂ ᠡᠨᠡ ᠵᠢᠯ ᠤᠨ 3 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠣᠯᠲᠠᠯ᠎ᠠ ᠂ ᠬᠡᠳᠦᠨ ᠠᠷᠪᠠᠨ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠪᠣᠯᠣᠨ ᠲᠦᠮᠡ ᠭᠠᠷᠤᠢ ᠬᠢᠨᠠᠨ ᠵᠥᠪᠰᠢᠶᠡᠷᠡᠬᠦ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ ᠂ ᠡᠯ᠎ᠡ ᠭᠠᠵᠠᠷ ᠤᠨ ᠡᠯ᠎ᠡ ᠰᠠᠯᠠᠭ᠎ᠠ ᠮᠥᠴᠢᠷ ᠤᠨ ᠬᠢᠨ ᠵᠥᠪᠰᠢᠶᠡᠷᠡᠭᠦᠯᠬᠦ ᠪᠠᠷ ᠪᠠᠶᠢᠭ᠎ᠠ ᠡᠬᠡ ᠲᠠᠩᠰᠠ ᠶᠢᠨ 8061 ᠲᠥᠷᠥᠯ ᠵᠦᠢᠯ ᠤᠨ ᠵᠥᠪᠰᠢᠶᠡᠷᠡᠬᠦ ᠶᠣᠰᠣᠲᠠᠢ ᠶᠢ ᠨᠢ ᠪᠦᠬᠦᠨ ᠢ ᠵᠥᠪᠰᠢᠶᠡᠷᠡᠵᠦ ᠂ ᠮᠡᠳᠡᠭᠦᠯᠬᠦ ᠶᠣᠰᠣᠲᠠᠢ ᠶᠢ ᠨᠢ ᠪᠦᠬᠦᠨ ᠢ ᠮᠡᠳᠡᠭᠦᠯᠵᠦ ᠂ ᠨᠥᠬᠦᠪᠦᠷᠢᠯᠡᠨ ᠵᠥᠪᠰᠢᠶᠡᠷᠡᠬᠦ ᠡᠬᠡ ᠲᠠᠩᠰᠠ ᠶᠢᠨ 1265 ᠲᠥᠷᠥᠯ ᠵᠦᠢᠯ ᠢ ᠪᠦᠬᠦᠨ ᠢ ᠭᠦᠢᠴᠡᠳᠬᠡᠨ ᠳᠠᠭᠤᠰᠬᠠᠪᠠ ᠃ 8 ᠭᠤᠣᠯ ᠪᠣᠯᠬᠤ ᠬᠢᠨᠠᠨ ᠵᠥᠪᠰᠢᠶᠡᠷᠡᠬᠦ ᠵᠦᠢᠯᠡᠰ ᠢ ᠬᠠᠷᠢᠭᠤᠴᠠᠵᠤ ᠪᠠᠶᠢᠭ᠎ᠠ 6 ᠬᠢᠨᠠᠨ ᠵᠥᠪᠰᠢᠶᠡᠷᠡᠬᠦ ᠲᠢᠩᠬᠢᠮ ᠲᠣᠪᠴᠢᠶ᠎ᠠ ᠴᠥᠮ ᠬᠠᠷᠠᠭᠠᠯᠵᠠᠭᠰᠠᠨ ᠬᠢᠨᠠᠨ ᠵᠥᠪᠰᠢᠶᠡᠷᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠡᠶᠢᠲᠡᠯᠡᠪᠡ ᠃ ᠪᠣᠢ ᠪᠦᠬᠦᠢ ᠠᠶᠢᠮᠠᠭ ᠬᠤᠲᠠ ᠴᠤ ᠬᠤᠯᠪᠣᠭᠳᠠᠯ ᠪᠦᠬᠦᠢ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠡᠶᠢᠲᠡᠯᠡᠵᠦ᠂ ᠠᠳᠠᠯᠢ ᠲᠥᠷᠥᠯ ᠤᠨ ᠠᠰᠠᠭᠤᠳᠠᠯ ᠤᠨ ᠳᠠᠭᠢᠵᠤ ᠡᠭᠦᠰᠬᠦ ᠶᠢ ᠡᠷᠡᠰ ᠬᠤᠷᠢᠭᠯᠠᠪᠠ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠵᠢᠴᠢ ᠡᠯ᠎ᠡ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠵᠦ ᠬᠦᠴᠦᠯᠡᠭᠰᠡᠨ ᠪᠠ ᠪᠣᠳᠠᠲᠠᠢ ᠠᠵᠢᠯᠯᠠᠭᠰᠠᠨ ᠤ ᠰᠠᠶᠢᠨ ᠢᠶᠠᠷ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠨᠢ ᠦᠷ᠎ᠡ ᠪᠦᠲᠦᠮᠵᠢ ᠣᠯᠵᠤ ᠴᠢᠳᠠᠭᠰᠠᠨ ᠶᠤᠮ ᠃
ᠥᠨᠳᠥᠷ ᠪᠠᠶᠢᠷᠢ ᠠᠴᠠ ᠲᠦᠯᠬᠢᠨ ᠠᠬᠢᠭᠤᠯᠪᠠ ᠃ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢ ᠡᠬᠢᠯᠡᠭᠦᠯᠦᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ ᠂ ᠠᠵᠢᠯ ᠤᠨ ᠰᠡᠳᠬᠢᠮᠵᠢ ᠪᠠ ᠴᠢᠭᠯᠡᠯ ᠢ ᠲᠣᠳᠣᠷᠬᠠᠢ ᠵᠢᠭᠠᠵᠤ ᠂ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠳᠤ ᠬᠦᠴᠦᠲᠡᠢ ᠳᠡᠮᠵᠢᠯᠭᠡ ᠬᠠᠩᠭᠠᠪᠠ ︔ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢ ᠣᠯᠠᠨ ᠤᠳᠠᠭ᠎ᠠ ᠲᠤᠰᠬᠠᠢ ᠰᠡᠳᠦᠪ ᠢᠶᠠᠷ ᠰᠤᠳᠤᠯᠵᠤ ᠂ ᠠᠰᠠᠭᠤᠳᠠᠯ ᠢ ᠴᠠᠭ ᠲᠤᠬᠠᠢ ᠳᠤ ᠨᠢ ᠰᠤᠳᠤᠯᠤᠨ ᠰᠢᠢᠳᠪᠦᠷᠢᠯᠡᠪᠡ ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠤᠯᠪᠣᠭᠳᠠᠯ ᠪᠦᠬᠦᠢ ᠤᠳᠤᠷᠢᠳᠤᠯᠭ᠎ᠠ ᠪᠠ ᠭᠠᠵᠠᠷ ᠭᠡᠷ ᠤᠨ ᠬᠢᠨ ᠦᠵᠦ ᠲᠥᠯᠥᠪᠯᠡᠭᠡ ᠶᠢ ᠴᠢᠩᠭᠠᠳᠬᠠᠵᠤ ᠂ ᠰᠢᠮᠳᠠᠭᠤᠯᠤᠨ ᠵᠢᠯᠤᠭᠤᠳᠴᠤ ᠲᠣᠬᠢᠷᠠᠭᠤᠯᠬᠤ ᠡᠷᠴᠢᠮ ᠢᠶᠠᠨ ᠴᠢᠩᠭᠠᠷᠠᠭᠤᠯᠤᠨ ᠂ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠪᠠ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠭᠠᠵᠠᠷ ᠣᠷᠣᠨ ᠤ ᠡᠯ᠎ᠡ ᠰᠠᠯᠠᠭ᠎ᠠ ᠮᠥᠴᠢᠷ ᠯᠦᠭᠡ 《 ᠳᠠᠪᠬᠤᠷ ᠭᠠᠷ ᠤᠨ ᠥᠰᠥᠭ ᠵᠢᠷᠤᠬᠤ》 ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠢᠩᠭᠠᠳᠬᠠᠵᠤ ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠪᠡ ᠃
ᠬᠡᠷᠡᠭᠵᠢᠭᠦᠯᠬᠦ ᠪᠠᠷᠢᠮᠵᠢᠶ᠎ᠠ ᠶᠢ ᠲᠣᠭᠲᠠᠭᠠᠪᠠ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ 《︿ᠬᠠᠭᠠᠰ ᠳᠤᠲᠠᠭᠤ ᠬᠠᠶᠠᠭᠳᠠᠭᠰᠠᠨ ﹀ ᠢᠨᠵᠧᠨᠧᠷᠢᠩ ᠂ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠬᠠᠢ ᠮᠡᠳᠡᠭᠳᠡᠯ》《ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠪᠠ ︿ᠬᠠᠭᠠᠰ ᠳᠤᠲᠠᠭᠤ ᠬᠠᠶᠠᠭᠳᠠᠭᠰᠠᠨ ﹀ ᠢᠨᠵᠧᠨᠧᠷᠢᠩ ᠢ ᠲᠥᠷᠥᠯ ᠬᠤᠪᠢᠶᠠᠨ ᠰᠢᠢᠳᠪᠦᠷᠢᠯᠡᠬᠦ ᠲᠤᠬᠠᠢ ᠵᠢᠯᠤᠭᠤᠳᠬᠤ ᠰᠠᠨᠠᠯ》 ᠢ ᠲᠤᠭᠤᠷᠪᠢᠭᠰᠠᠨ ᠪᠠ ᠳᠠᠷᠤᠮᠠᠯᠯᠠᠨ ᠲᠠᠷᠬᠠᠭᠠᠵᠤ ᠂ ᠲᠤᠶᠢᠯᠪᠤᠷᠢᠲᠠᠢ ᠰᠢᠢᠳᠪᠦᠷᠢᠯᠡᠬᠦ ᠪᠠᠷᠢᠮᠵᠢᠶ᠎ᠠ ᠂ ᠰᠢᠢᠳᠪᠦᠷᠢᠯᠡᠬᠦ ᠱᠠᠭᠠᠷᠳᠠᠯᠭ᠎ᠠ ᠂ ᠳ᠋ᠤᠭᠠᠷ ᠢ ᠬᠠᠰᠤᠬᠤ ᠴᠤᠪᠤᠷᠠᠯ ᠵᠡᠷᠭᠡ ᠶᠢ ᠲᠣᠳᠣᠷᠬᠠᠶᠢᠯᠠᠨ ᠂ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠰᠢᠢᠳᠪᠦᠷᠢᠯᠡᠬᠦ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠪᠠ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠪᠠᠰᠠ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠠᠢ ᠬᠠᠮᠲᠤᠷᠠᠨ 《 ᠨᠥᠬᠦᠪᠦᠷᠢᠯᠡᠨ ᠭᠦᠢᠴᠡᠳᠬᠡᠬᠦ ᠭᠠᠷᠳᠠᠮ ᠢ ᠰᠢᠢᠳᠪᠦᠷᠢᠯᠡᠬᠦ ᠵᠢᠯᠣᠭᠤᠳᠤᠮᠵᠢ 》 ᠶᠢ ᠳᠠᠷᠤᠮᠠᠯᠯᠠᠨ ᠲᠠᠷᠬᠠᠭᠠᠵᠤ ᠂ ᠠᠵᠢᠯ ᠬᠢᠬᠦ ᠳᠤ ᠵᠢᠷᠤᠮᠯᠠᠬᠤ ᠠᠴᠠ ᠳᠦᠷᠢᠮ ᠲᠣᠭᠲᠠᠭᠠᠯ ᠲᠠᠢ ᠪᠣᠯᠭᠠᠪᠠ ᠃
ᠲᠤᠶᠢᠯᠪᠤᠷᠢᠲᠠᠢ ᠰᠢᠢᠳᠪᠦᠷᠢᠯᠡᠬᠦ ᠡᠬᠡ ᠳᠠᠩᠰᠠ ᠶᠢ ᠪᠠᠶᠢᠭᠤᠯᠪᠠ ᠃ ᠬᠢᠨᠠᠨ ᠵᠥᠪᠰᠢᠶᠡᠷᠡᠬᠦ ᠵᠦᠢᠯᠡᠰ ᠨᠢ ᠤᠯᠤᠰ ᠂ ᠥᠪᠡᠷᠲᠡᠭᠡᠨ ᠵᠠᠰᠠᠬᠤ ᠣᠷᠣᠨ ᠂ ᠠᠶᠢᠮᠠᠭ ᠬᠤᠲᠠ ᠂ ᠬᠤᠰᠢᠭᠤ ᠰᠢᠶᠠᠨ ᠳᠥᠷᠪᠡᠨ ᠱᠠᠲᠤᠨ ᠤ ᠬᠤᠯᠪᠣᠭᠳᠠᠯ ᠪᠦᠬᠦᠢ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠲᠤ ᠬᠤᠯᠪᠣᠭᠳᠠᠨ ᠂ ᠤᠴᠢᠷ ᠶᠠᠪᠤᠳᠠᠯ ᠣᠯᠠᠨ ᠪᠠᠶᠢᠵᠤ ᠂ 2016 ᠣᠨ ᠠᠴᠠ ᠨᠠᠭᠠᠰᠢᠬᠢ ᠲᠦᠷᠦᠯ ᠵᠦᠢᠯ ᠲᠣᠭᠲᠠᠭᠠᠬᠤ ᠶᠢ ᠪᠡᠶᠡᠯᠡᠭᠦᠯᠦᠭᠰᠡᠨ 9.6 ᠲᠦᠮᠡᠨ ᠲᠦᠷᠦᠯ ᠵᠦᠢᠯ ᠳᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ 6 ᠡᠭᠡᠯᠵᠢ ᠶᠢᠨ ᠡᠮᠬᠢᠯᠡᠵᠦ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ ᠂ ᠲᠤᠶᠢᠯᠪᠤᠷᠢᠲᠠᠢ ᠰᠢᠢᠳᠪᠦᠷᠢᠯᠡᠬᠦ ᠡᠬᠡ ᠲᠠᠩᠰᠠ ᠪᠠᠶᠢᠭᠤᠯᠵᠤ ᠂ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠲᠠᠢ 8061 ᠲᠦᠷᠦᠯ ᠵᠦᠢᠯ ᠢ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠤᠨ ᠡᠬᠡ ᠲᠠᠩᠰᠠᠨ ᠳᠤ ᠣᠷᠣᠭᠤᠯᠤᠨ ᠂ ᠨᠥᠬᠦᠪᠦᠷᠢᠯᠡᠨ ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠲᠠᠢ 1265 ᠲᠦᠷᠦᠯ ᠵᠦᠢᠯ ᠢ ᠨᠥᠬᠦᠪᠦᠷᠢᠯᠡᠨ ᠵᠥᠪᠰᠢᠶᠡᠷᠡᠬᠦ ᠲᠦᠷᠦᠯ ᠵᠦᠢᠯ ᠤᠨ ᠡᠬᠡ ᠲᠠᠩᠰᠠᠨ ᠳᠤ ᠣᠷᠣᠭᠤᠯᠵᠤ ᠂ ᠰᠠᠨᠠᠭᠠᠴᠢᠯᠠᠭ᠎ᠠ ᠠᠴᠠ ᠪᠠᠨ ᠤᠷᠢᠳᠴᠢᠯᠡᠨ ᠦᠢᠯᠡᠴᠢᠯᠡᠬᠦ ᠪᠠᠷ ᠳᠠᠮᠵᠢᠭᠤᠯᠵᠤ ᠂ ᠲᠣᠭᠲᠠᠭᠰᠠᠨ ᠴᠠᠭ ᠲᠤ ᠪᠠᠨ ᠥᠨᠳᠥᠷ ᠦᠷ᠎ᠡ ᠪᠦᠲᠦᠮᠵᠢᠲᠡᠢ ᠭᠦᠢᠴᠡᠳᠬᠡᠬᠦ ᠶᠢ ᠪᠡᠶᠡᠯᠡᠭᠦᠯᠪᠡ ᠃
ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ ᠃ ᠮᠠᠨ ᠤ ᠣᠷᠣᠨ 《ᠡᠳᠦᠷ ᠲᠤ ᠲᠣᠬᠢᠷᠠᠭᠤᠯᠬᠤ ᠂ ᠭᠠᠷᠠᠭ ᠲᠤ ᠲᠥᠯᠥᠪᠯᠡᠬᠦ ᠂ ᠰᠠᠷ᠎ᠠ ᠳᠤ ᠮᠡᠳᠡᠭᠡᠯᠡᠬᠦ》 ᠠᠵᠢᠯ ᠤᠨ ᠲᠣᠭᠲᠠᠴᠠ ᠶᠢ ᠪᠠᠶᠢᠭᠤᠯᠵᠤ ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠵᠣᠯᠭᠠᠭᠤᠯᠬᠤ ᠂ ᠬᠦᠴᠦᠲᠡᠢ ᠠᠬᠢᠭᠤᠯᠬᠤ ᠪᠠ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠪᠠ ᠃ 12 ᠠᠶᠢᠮᠠᠭ ᠬᠤᠳᠠ ᠳᠤ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠲᠤᠶᠢᠯᠪᠤᠷᠢᠲᠠᠢ ᠰᠢᠢᠳᠪᠦᠷᠢᠯᠡᠭᠰᠡᠨ ᠢ 《ᠡᠷᠬᠢᠨ ᠬᠠᠷᠠᠬᠤ 》ᠠᠵᠢᠯ ᠢ ᠥᠷᠨᠢᠭᠦᠯᠵᠦ ᠂ ᠡᠯ᠎ᠡ ᠭᠠᠵᠠᠷ ᠤᠨ ᠬᠢᠨ ᠤ ᠰᠢᠢᠳᠪᠦᠷᠢᠯᠡᠬᠦ ᠶᠣᠰᠣᠲᠠᠢ ᠶᠢ ᠨᠢ ᠪᠦᠬᠦᠨ ᠢ ᠰᠢᠢᠳᠪᠦᠷᠢᠯᠡᠵᠦ ᠂ ᠱᠠᠭᠠᠷᠳᠠᠯᠭ᠎ᠠ ᠶᠣᠰᠣᠭᠠᠷ ᠳ᠋ᠤᠭᠠᠷ ᠢ ᠨᠢ ᠬᠠᠰᠤᠬᠤ ᠶᠢ ᠪᠠᠲᠤᠯᠠᠪᠠ ︔ 12345 ᠵᠠᠭᠠᠯᠳᠤᠵᠤ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠶᠢ ᠨᠡᠭᠡᠭᠡᠵᠦ ᠂ ᠮᠡᠳᠡᠭᠦᠯᠦᠨ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ ᠂ ᠤᠯᠠᠨ ᠲᠦᠮᠡᠨ ᠤ ᠲᠤᠰᠬᠠᠭᠰᠠᠨ ᠭᠥᠯᠢᠶᠡᠨ ᠠᠪᠴᠤ ᠰᠢᠢᠳᠪᠦᠷᠢᠯᠡᠬᠦ ᠶᠢ ᠤᠳᠠᠭᠠᠰᠢᠷᠠᠭᠤᠯᠤᠭᠰᠠᠨ ᠂ ᠬᠢᠨᠠᠨ ᠵᠥᠪᠰᠢᠶᠡᠷᠡᠬᠦ ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠬᠢᠨᠠᠨ ᠵᠥᠪᠰᠢᠶᠡᠷᠡᠭᠡᠳᠦᠢ ᠵᠡᠷᠭᠡ ᠠᠰᠠᠭᠤᠳᠠᠯ ᠢ ᠴᠠᠭ ᠲᠤᠬᠠᠢ ᠳᠤ ᠨᠢ ᠭᠥᠯᠢᠶᠡᠨ ᠠᠪᠴᠤ ᠰᠢᠢᠳᠪᠦᠷᠢᠯᠡᠪᠡ ᠃
《ᠳᠠᠷᠠᠭᠠᠴᠢ ᠶᠢᠨ ᠠᠯᠬᠤᠮ ᠳᠤ ᠂ ᠪᠢᠳᠡ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠶᠢᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠲᠤᠳᠬᠠᠬᠤ ᠪᠣᠯᠣᠨ᠎ᠠ᠃ ᠡᠭᠦᠨ ᠳᠤ ᠵᠥᠪᠰᠢᠶᠡᠷᠡᠭᠦᠯᠬᠦ ᠪᠠᠷ ᠪᠠᠶᠢᠭ᠎ᠠ ᠲᠥᠷᠥᠯ ᠵᠦᠢᠯ ᠢ ᠲᠤᠶᠢᠯᠪᠤᠷᠢᠲᠠᠢ ᠰᠢᠢᠳᠪᠦᠷᠢᠯᠡᠬᠦ ᠲᠤᠬᠠᠢ ᠨᠡᠶᠢᠲᠡᠯᠡᠭᠰᠡᠨ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠰᠠᠶᠢᠲᠤᠷ ᠬᠡᠷᠡᠭᠯᠡᠵᠦ ᠂ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠪᠠᠲᠤᠯᠠᠨ᠎ᠠ ᠃ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ ᠂ ᠰᠦᠯᠵᠢᠶᠡᠨ ᠳᠡᠭᠡᠷᠡᠬᠢ ᠬᠢᠨᠠᠨ ᠵᠥᠪᠰᠢᠶᠡᠷᠡᠬᠦ ᠲᠠᠪᠴᠠᠩ ᠢ ᠲᠠᠰ ᠳᠡᠪᠰᠢᠭᠦᠯᠵᠦ ᠂ ᠲᠥᠷᠥᠯ ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ ᠃ ᠬᠠᠷᠭᠤᠭᠤᠯᠤᠨ ᠵᠥᠪᠰᠢᠶᠡᠷᠡᠬᠦ ᠂ ᠪᠦᠷᠢᠳᠬᠡᠨ ᠳᠠᠩᠰᠠᠯᠠᠭᠤᠯᠬᠤ ᠲᠤᠰᠬᠠᠢ ᠵᠦᠢᠯ ᠤᠨ ᠬᠠᠤᠯᠢ ᠬᠡᠷᠡᠭᠵᠢᠭᠦᠯᠦᠯᠲᠡ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ ᠂ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠢ ᠳᠤ ᠨᠢ ᠣᠯᠵᠦ ᠮᠡᠳᠡᠨ ᠰᠢᠢᠳᠪᠦᠷᠢᠯᠡᠬᠦ ᠶᠢ ᠠᠬᠢᠭᠤᠯᠤᠨ᠎ᠠ ᠃ ᠳᠣᠷᠣᠭᠰᠢ ᠪᠠᠭᠤᠯᠭᠠᠭᠰᠠᠨ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠳᠤ ᠴᠢᠭᠯᠡᠭᠦᠯᠦᠨ ᠂ ᠵᠢᠯᠣᠭᠤᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ ᠂ ᠣᠷᠣᠨ ᠨᠤᠲᠤᠭ ᠤᠨ ᠭᠥᠯᠢᠶᠡᠨ ᠠᠪᠴᠤ ᠳᠡᠶᠢᠯᠬᠦ ᠶᠢ ᠪᠠᠲᠤᠯᠠᠨ᠎ᠠ ᠃ ᠡᠭᠦᠨ ᠤ ᠬᠠᠮᠲᠤ ᠂ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠲᠥᠪᠯᠡᠷᠡᠭᠦᠯᠦᠨ ᠰᠢᠢᠳᠪᠦᠷᠢᠯᠡᠬᠦ ᠠᠵᠢᠯ ᠢ ᠦᠷᠭᠦᠯᠵᠢᠯᠡᠨ ᠰᠠᠶᠢᠲᠤᠷ ᠬᠢᠨ᠎ᠡ ᠃ ᠲᠤᠶᠢᠯᠪᠤᠷᠢᠲᠠᠢ ᠰᠢᠢᠳᠪᠦᠷᠢᠯᠡᠬᠦ ᠠᠵᠢᠯᠯᠠᠭ᠎ᠠ ᠳᠤ ᠪᠠᠶᠢᠭᠤᠯᠤᠭᠰᠠᠨ ᠤᠷᠢᠳᠴᠢᠯᠠᠨ ᠦᠢᠯᠡᠴᠢᠯᠡᠭᠡ ᠬᠢᠬᠦ ᠪᠠ ᠲᠥᠪᠯᠡᠷᠡᠭᠦᠯᠦᠨ ᠥᠨᠳᠥᠷ ᠪᠦᠲᠦᠮᠵᠢᠲᠡᠢ ᠬᠢᠨᠠᠨ ᠵᠥᠪᠰᠢᠶᠡᠷᠡᠬᠦ ᠠᠷᠭ᠎ᠠ ᠬᠡᠯᠪᠡᠷᠢ ᠶᠢ ᠭᠦᠢᠴᠡᠳ ᠠᠰᠢᠭᠯᠠᠵᠤ᠂ ᠬᠦᠴᠦᠨ ᠪᠣᠯᠣᠨ ᠴᠠᠭ ᠢᠶᠠᠨ ᠲᠥᠪᠯᠡᠷᠡᠭᠦᠯᠦᠨ ᠂ ᠨᠢᠭᠡᠳᠦᠯᠲᠡᠢ ᠬᠢᠨᠠᠨ ᠵᠥᠪᠰᠢᠶᠡᠷᠡᠬᠦ ᠪᠠᠷ ᠳᠠᠮᠵᠢᠭᠤᠯᠵᠤ ᠂ ᠡᠮᠦᠨᠡᠬᠢ ᠬᠤᠭᠤᠴᠠᠭᠠᠨ ᠤ ᠭᠠᠷᠳᠠᠮ ᠢ ᠲᠦᠷᠭᠡᠨ ᠭᠦᠢᠴᠡᠳᠬᠡᠵᠦ ᠂ ᠴᠢᠬᠤᠯᠠ ᠶᠡᠭᠡ ᠲᠥᠷᠥᠯ ᠵᠦᠢᠯ ᠤᠨ ᠭᠤᠣᠯ ᠪᠣᠯᠬᠤ ᠭᠠᠷᠳᠠᠮ ᠢ ᠪᠦᠷᠢᠨ ᠭᠦᠢᠴᠡᠳᠬᠡᠬᠦ ᠶᠢ ᠠᠬᠢᠭᠤᠯᠤᠨ᠂ ᠪᠥᠬᠦ ᠣᠷᠣᠨ ᠤ ᠴᠢᠬᠤᠯᠠ ᠶᠡᠭᠡ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠬᠦ ᠳᠤ ᠲᠥᠬᠦᠮ ᠨᠥᠬᠦᠴᠡᠯ ᠬᠠᠩᠭᠠᠨ᠎ᠠ》 ᠭᠡᠵᠦ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠬᠡᠯᠡᠪᠡ ᠃