ᠵᠤᠬᠢᠶᠠᠭᠴᠢ:
ᠴᠠᠭ:2023-04-14
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
2023 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠡᠬᠢᠯᠡᠨ ᠭᠤᠶᠤᠴᠢᠯᠠᠨ ᠮᠡᠳᠡᠭᠦᠯᠵᠦ ᠪᠣᠢ
ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠤᠯᠲᠠ ᠪᠠ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠣᠶᠢᠯᠠᠭᠠᠭᠰᠠᠨ ᠨᠢ᠂ ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢᠨ ᠲᠤᠰᠠᠳᠠ ᠂ ᠲᠣᠰ ᠡᠳᠦᠷ ᠠᠴᠠ 2023 ᠣᠨ ᠤ 5 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ᠂ ᠨᠥᠬᠦᠴᠡᠯ ᠳᠤ ᠨᠡᠶᠢᠴᠡᠬᠦ ᠡᠵᠡᠩᠨᠡᠯᠲᠡ ᠶᠢᠨ ᠭᠤᠣᠯ ᠴᠣᠭᠴᠠ ᠨᠤᠭᠤᠳ 2023 ᠣᠨ ᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠵᠦ ᠪᠣᠯᠣᠨ᠎ᠠ᠃
ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠪᠣᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠬᠠᠮᠤᠭ ᠤᠨ ᠳᠡᠭᠡᠳᠦ ᠶᠠᠰᠤ ᠴᠢᠨᠠᠷ ᠤᠨ ᠲᠠᠯ᠎ᠠ ᠶᠢᠨ ᠢᠷᠠᠭᠤ ᠠᠯᠳᠠᠷ ᠤᠨ ᠱᠠᠩᠨᠠᠯ ᠮᠥᠨ ᠃ 2 ᠵᠢᠯ ᠳᠤ 1 ᠤᠳᠠᠭ᠎ᠠ ᠰᠢᠯᠭᠠᠷᠠᠭᠤᠯᠵᠤ᠂ ᠬᠤᠭᠤᠴᠠᠭ᠎ᠠ ᠪᠦᠷᠢ ᠨᠡᠶᠢᠲᠡ 5 ᠶᠠᠰᠤ ᠴᠢᠨᠠᠷ ᠤᠨ ᠱᠠᠩᠨᠠᠯ ᠣᠯᠭᠤᠨ᠎ᠠ ᠃
ᠭᠤᠶᠤᠴᠢᠯᠠᠨ ᠮᠡᠳᠡᠭᠦᠯᠬᠦ ᠨᠢᠭᠡᠴᠢ ᠨᠢ 5 ᠦᠨᠳᠦᠰᠦᠨ ᠨᠥᠬᠦᠴᠡᠯ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠢ᠄ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠬᠠᠤᠯᠢ ᠶᠣᠰᠣᠭᠠᠷ ᠪᠦᠷᠢᠳᠬᠡᠨ ᠳᠠᠩᠰᠠᠯᠠᠭᠤᠯᠤᠭᠰᠠᠨ ᠂ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ 5 ᠵᠢᠯ ᠠᠴᠠ ᠳᠡᠭᠡᠭᠰᠢ ᠬᠡᠪ ᠢᠶᠠᠷ ᠡᠵᠡᠩᠨᠡᠭᠰᠡᠨ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ᠂ ᠴᠢᠨᠠᠷ ᠴᠢᠨᠰᠠᠭ᠎ᠠ ᠂ ᠣᠷᠴᠢᠨ ᠲᠣᠭᠤᠷᠢᠨ ᠤ ᠬᠠᠮᠠᠭᠠᠯᠠᠯᠲᠠ᠂ ᠡᠨᠧᠷᠭᠢ ᠳᠤ ᠠᠷᠪᠢᠲᠠᠢ ᠂ ᠠᠮᠤᠷ ᠲᠦᠪᠰᠢᠨ ᠵᠡᠷᠭᠡ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ ᠶᠠᠰᠤ ᠴᠢᠨᠠᠷ ᠤᠨ ᠬᠠᠮᠢᠶᠠᠷᠤᠯᠲᠠ ᠶᠢᠨ ᠲᠣᠭᠲᠠᠯᠴᠠᠭ᠎ᠠ ᠨᠢ ᠪᠦᠷᠢᠨ ᠲᠡᠭᠦᠯᠳᠡᠷ᠂ ᠴᠢᠨᠠᠷ ᠴᠢᠨᠰᠠᠭ᠎ᠠ ᠶᠢᠨ ᠬᠠᠮᠢᠶᠠᠷᠤᠯᠲᠠ ᠶᠢᠨ ᠵᠠᠭᠪᠤᠷ ᠨᠢ ᠲᠡᠷᠢᠭᠦᠨ ᠤ ᠪᠠᠶᠢᠵᠤ᠂ ᠪᠠᠷᠢᠮᠵᠢᠶ᠎ᠠ ᠶᠢᠨ ᠲᠣᠭᠲᠠᠯᠴᠠᠭ᠎ᠠ ᠶᠢ ᠪᠠᠶᠢᠭᠤᠯᠤᠨ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ᠂ ᠵᠠᠭᠪᠤᠷ᠂ ᠠᠷᠭ᠎ᠠ ᠨᠢ ᠰᠢᠨᠡᠴᠢᠯᠡᠯᠲᠡ ᠲᠠᠢ ᠪᠥᠭᠡᠳ 2 ᠵᠢᠯ ᠠᠴᠠ ᠳᠡᠭᠡᠭᠰᠢ ᠪᠦᠲᠦᠮᠵᠢᠲᠡᠶ ᠠᠵᠢᠯᠯᠠᠭᠤᠯᠤᠭᠰᠠᠨ ᠵᠢᠴᠢ ᠳᠡᠯᠭᠡᠷᠡᠭᠦᠯᠦᠨ ᠰᠤᠷᠲᠠᠯᠴᠢᠯᠠᠬᠤ ᠦᠨ᠎ᠡ ᠥᠷᠲᠡᠭ ᠲᠠᠢ ᠪᠠᠶᠢᠬᠤ ᠬᠡᠷᠡᠭᠲᠡᠢ︔ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ ᠪᠠᠶᠢᠭ᠎ᠠ ᠨᠢᠭᠡᠴᠢ ᠶᠢᠨ ᠬᠤᠪᠢ ᠳᠤ᠂ ᠭᠤᠣᠯ ᠪᠣᠯᠬᠤ ᠠᠵᠤ ᠠᠬᠤᠢ᠂ ᠮᠡᠷᠭᠡᠵᠢᠯ ᠤᠨ ᠭᠦᠢᠴᠡᠳᠬᠡᠯ ᠲᠤᠭ᠎ᠠ ᠪᠠ ᠶᠠᠰᠤ ᠴᠢᠨᠠᠷ ᠤᠨ ᠬᠢᠷᠢ ᠲᠦᠪᠰᠢᠨ ᠨᠢ ᠪᠥᠬᠦ ᠣᠷᠣᠨ ᠤ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠵᠢᠭᠰᠠᠭᠠᠭᠳᠠᠭᠰᠠᠨ ᠪᠠᠶᠢᠬᠤ ᠬᠡᠷᠡᠭᠲᠡᠢ᠃ ᠠᠰᠢᠭ ᠬᠤᠨᠵᠢᠪᠤᠷᠢ ᠶᠢᠨ ᠪᠤᠰᠤ ᠴᠢᠨᠠᠷᠲᠠᠢ ᠲᠤᠬᠠᠶᠢᠯᠠᠭᠰᠠᠨ ᠠᠵᠢᠯ ᠡᠷᠭᠢᠯᠡᠵᠦ ᠪᠠᠶᠢᠭ᠎ᠠ ᠨᠢᠭᠡᠴᠢ ᠶᠢᠨ ᠬᠤᠪᠢ ᠳᠤ᠂ ᠨᠡᠶᠢᠭᠡᠮ ᠤᠨ ᠬᠤᠪᠢ ᠨᠡᠮᠡᠷᠢ ᠨᠢ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠠᠳᠠᠯᠢ ᠠᠵᠢᠯ ᠲᠥᠷᠥᠯ ᠤᠨ ᠡᠮᠦᠨ᠎ᠡ ᠡᠩᠨᠡᠭᠡᠨ ᠳᠤ ᠵᠢᠭᠰᠠᠭᠠᠭᠳᠠᠭᠰᠠᠨ ᠪᠠᠶᠢᠬᠤ ᠬᠡᠷᠡᠭᠲᠡᠢ ︔ ᠶᠠᠰᠤ ᠴᠢᠨᠠᠷ ᠤᠨ ᠬᠥᠭᠵᠢᠯᠲᠡ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠪᠠᠷᠢᠮᠵᠢᠶ᠎ᠠ ᠶᠢᠨ ᠰᠢᠨᠡᠴᠢᠯᠡᠯᠲᠡ᠂ ᠠᠵᠤ ᠠᠬᠤᠢ ᠨᠡᠶᠢᠭᠡᠮ ᠤᠨ ᠦᠷ᠎ᠡ ᠠᠰᠢᠭ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠠ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠲᠠᠯ᠎ᠠ ᠪᠠᠷ ᠲᠣᠪᠣᠶᠢᠮ᠎ᠠ ᠦᠷ᠎ᠡ ᠪᠦᠲᠦᠮᠵᠢ ᠣᠯᠣᠭᠰᠠᠨ ᠪᠠᠶᠢᠬᠤ ᠬᠡᠷᠡᠭᠲᠡᠢ ︔ ᠣᠶᠢᠷ᠎ᠠ ᠶᠢᠨ 3 ᠵᠢᠯ ᠳᠤ ᠴᠢᠨᠠᠷ ᠴᠢᠨᠰᠠᠭ᠎ᠠ ᠂ ᠠᠮᠤᠷ ᠲᠦᠪᠰᠢᠨ᠂ ᠣᠷᠴᠢᠨ ᠲᠣᠭᠤᠷᠢᠨ ᠤ ᠪᠣᠬᠢᠷᠳᠤᠯ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠠᠳᠡᠯ ᠭᠠᠷᠭᠠᠭᠰᠠᠨ ᠦᠭᠡᠢ ᠂ ᠬᠠᠮᠢᠶ᠎ᠠ ᠪᠦᠬᠦᠢ ᠬᠠᠤᠯᠢ ᠴᠠᠭᠠᠵᠠ ᠂ ᠰᠠᠬᠢᠯᠭ᠎ᠠ ᠪᠠᠲᠤ ᠠᠴᠠ ᠵᠥᠷᠢᠴᠡᠭᠰᠡᠨ ᠪᠠ ᠢᠲᠡᠭᠡᠮᠵᠢ ᠠᠯᠳᠠᠭᠰᠠᠨ ᠲᠡᠮᠳᠡᠭᠯᠡᠯ ᠦᠭᠡᠢ ᠪᠠᠶᠢᠬᠤ ᠬᠡᠷᠡᠭᠲᠡᠢ ᠃
ᠡᠭᠦᠨ ᠠᠴᠠ ᠭᠠᠳᠠᠨ᠎ᠠ᠂ ᠳᠤᠮᠳᠠᠳᠤ ᠤᠯᠤᠰ ᠤᠨ ᠶᠠᠰᠤ ᠴᠢᠨᠠᠷ ᠤᠨ ᠱᠠᠩᠨᠠᠯ ᠲᠠᠢ ᠵᠣᠯᠭᠠᠭᠤᠯᠬᠤ ᠪᠠ ᠪᠣᠶᠢᠵᠢᠭᠤᠯᠬᠤ ᠠᠵᠢᠯ ᠢ ᠰᠠᠶᠢᠲᠤᠷ ᠬᠢᠬᠦ ᠶᠢᠨ ᠲᠤᠰᠠᠳᠠ ᠂ 2023 ᠣᠨ ᠳᠤ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ ᠴᠢᠨᠠᠷ ᠤᠨ ᠱᠠᠩᠨᠠᠯ ᠢ ᠭᠤᠶᠤᠴᠢᠯᠠᠨ ᠮᠡᠳᠡᠭᠦᠯᠬᠦ ᠶᠢ ᠡᠮᠦᠨᠡᠬᠢ ᠵᠢᠯ ᠤᠳ ᠲᠠᠢ ᠬᠠᠷᠢᠴᠠᠭᠤᠯᠤᠨ ᠂ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ᠂ ᠵᠠᠭᠪᠤᠷ ᠪᠠ ᠠᠷᠭ᠎ᠠ ᠶᠢᠨ ᠳ᠋ᠦᠩᠨᠡᠯᠲᠡ ᠶᠢ ᠨᠡᠮᠡᠭᠳᠡᠭᠦᠯᠵᠡᠢ᠃