ᠵᠤᠬᠢᠶᠠᠭᠴᠢ:
ᠴᠠᠭ:2023-04-14
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠪᠠᠶᠢᠭᠤᠯᠤᠭᠳᠠᠪᠠ ᠪᠦᠦ ᠰᠢᠶᠠᠨ ᠬᠤᠸᠠ ᠫᠠᠶᠢᠰᠠ ᠡᠯᠭᠦᠭᠦ ᠶᠣᠰᠣᠯᠠᠯ ᠳᠤ ᠣᠷᠣᠯᠴᠠᠵᠠᠢ
2023 4 ᠳ᠋ᠦ᠋ᠭᠡᠷ ᠰᠠᠷ᠎ᠠ ᠶᠢᠨ 6 ᠤ ᠡᠳᠦᠷ ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠪᠣᠯᠣᠨ ᠭᠦᠭᠡᠬᠤᠲᠠ ᠶᠢᠨ ᠵᠠᠰᠠᠭ ᠤᠨ ᠣᠷᠳᠣᠨ ᠂ ᠢᠯᠢ ᠪᠦᠯᠦᠭᠯᠡᠯ ᠤᠨ ᠬᠠᠮᠲᠤ ᠪᠠᠷ ᠪᠠᠶᠢᠭᠤᠯᠤᠭᠰᠠᠨ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠰᠦ ᠶᠢᠨ ᠦᠢᠯᠡᠰ ᠤᠨ ᠳᠡᠭᠡᠳᠦ ᠰᠤᠷᠭᠠᠭᠤᠯᠢ ᠶᠢᠨ ᠫᠠᠶᠢᠰᠠ ᠡᠯᠭᠦᠭᠦ ᠵᠢᠴᠢ ᠭᠡᠷ᠎ᠡ ᠲᠣᠭᠲᠠᠬᠤ ᠶᠣᠰᠣᠯᠠᠯ ᠶᠠᠪᠤᠭᠳᠠᠪᠠ ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠣᠷᠣᠯᠴᠠᠬᠰᠠᠨ ᠪᠥᠭᠡᠳ ᠫᠠᠶᠢᠰᠠ ᠡᠯᠭᠦᠪᠡ ᠃
ᠲᠣᠰ ᠳᠡᠭᠡᠳᠦ ᠰᠤᠷᠭᠠᠭᠤᠯᠢ ᠪᠣᠯ ᠤᠯᠤᠰ ᠤᠨ ᠳᠣᠲᠣᠭᠠᠳᠤ ᠶᠢᠨ ᠠᠩᠬᠠᠳᠠᠭᠴᠢ ᠰᠦ ᠶᠢᠨ ᠠᠵᠤ ᠦᠢᠯᠡᠰ ᠤᠨ ᠳᠡᠭᠡᠳᠦ ᠰᠤᠷᠭᠠᠭᠤᠯᠢ ᠪᠠᠶᠢᠵᠤ ᠂ ᠰᠤᠷᠭᠠᠭᠤᠯᠢ ᠣᠷᠣᠨ ᠨᠤᠲᠤᠭ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠥᠨᠳᠥᠷ ᠲᠦᠪᠰᠢᠨ ᠪᠦᠬᠦᠢ ᠪᠠᠭᠰᠢ ᠶᠢᠨ ᠡᠩᠨᠡᠭᠡ ᠶᠢ ᠪᠠᠶᠢᠭᠤᠯᠵᠤ ᠂ ᠴᠢᠳᠠᠪᠤᠷᠢᠲᠠᠨ ᠬᠥᠮᠥᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ ᠂ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠭᠦᠨᠵᠡᠭᠡᠢ ᠠᠭᠤᠰᠤᠯᠴᠠᠯ ᠢ ᠠᠬᠢᠭᠤᠯᠵᠤ ᠂ ᠰᠢᠨ᠎ᠡ ᠶᠢ ᠡᠭᠦᠳᠭᠦ ᠭᠡᠯᠪᠡᠷᠢ ᠶᠢᠨ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠠᠮᠵᠢᠯᠴᠠᠨ ᠬᠥᠮᠥᠵᠢᠭᠦᠯᠵᠦ ᠂ ᠮᠠᠨ ᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠪᠠ ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠴᠢᠬᠤᠯᠠ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠪᠣᠯᠣᠨ᠎ᠠ ᠃