ᠵᠤᠬᠢᠶᠠᠭᠴᠢ:
ᠴᠠᠭ:2023-04-07
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠬᠢᠩᠭᠠᠨ ᠠᠶᠢᠮᠠᠭ 43 ᠠᠵᠤ ᠠᠬᠤᠶᠢᠯᠠᠯ ᠳᠤ 488 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠭ᠎ᠠ ᠵᠣᠯᠭᠠᠭᠤᠯᠪᠠ
ᠣᠶᠢᠷ᠎ᠠ ᠳᠤ᠂ ᠬᠢᠩᠭᠠᠨ ᠠᠶᠢᠮᠠᠭ ᠪᠣᠯᠣᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠲᠤᠷᠠᠨ ᠡᠷᠭᠢᠯᠡᠭᠰᠡᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ 《ᠲᠠᠪᠤᠨ ᠶᠡᠭᠡ ᠡᠭᠦᠷᠭᠡ》 ᠪᠠᠷ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠵᠠᠰᠠᠭ ᠵᠠᠬᠢᠷᠭ᠎ᠠ᠂ ᠮᠥᠩᠭᠦᠨ ᠭᠦᠢᠯᠭᠡᠭᠡ ᠪᠠ ᠠᠵᠤ ᠠᠬᠤᠶᠢᠯᠠᠯ ᠢ ᠵᠣᠯᠭᠠᠭᠤᠯᠬᠤ ᠬᠤᠷᠠᠯ ᠵᠢᠴᠢ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ ᠳᠡᠭᠡᠷ᠎ᠡ᠂ ᠨᠡᠶᠢᠲᠡ 488 ᠳ᠋ᠦᠩᠰᠢᠭᠤᠷ ᠲᠥᠭᠦᠷᠢᠭ ᠤᠨ ᠪᠡᠯᠡ ᠲᠣᠬᠢᠷᠠᠭᠤᠯᠭ᠎ᠠ ᠶᠢᠨ ᠭᠡᠷ᠎ᠡ ᠲᠣᠭᠲᠠᠵᠤ᠂ ᠲᠠᠷᠢᠶᠠᠯᠠᠩ ᠮᠠᠯ ᠠᠵᠤ ᠠᠬᠤᠢ᠂ ᠰᠣᠶᠣᠯ ᠵᠢᠭᠤᠯᠴᠢᠯᠠᠯ᠂ ᠡᠨᠧᠷᠭᠢ ᠶᠢᠨ ᠡᠬᠢ ᠰᠤᠷᠪᠤᠯᠵᠢ ᠵᠡᠷᠭᠡ ᠨᠠᠢᠮᠠᠨ ᠠᠵᠢᠯ ᠲᠥᠷᠥᠯ ᠤᠨ 43 ᠠᠵᠤ ᠠᠬᠤᠶᠢᠯᠠᠯ ᠳᠤ ᠠᠰᠢᠭ ᠬᠦᠷᠲᠡᠭᠡᠪᠡ᠃ ᠵᠥᠪᠯᠡᠯᠴᠡᠭᠡᠷ ᠤᠨ ᠠᠭᠤᠯᠭ᠎ᠠ ᠶᠣᠰᠣᠭᠠᠷ ᠂ ᠬᠤᠶᠢᠰᠢᠳᠠ ᠶᠢᠨ 3 ᠠᠴᠠ 5 ᠵᠢᠯ ᠳᠤ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ ᠬᠢᠩᠭᠠᠨ ᠠᠶᠢᠮᠠᠭ ᠲᠤ ᠮᠢᠩᠭᠠᠨ ᠳ᠋ᠦᠩᠰᠢᠭᠤᠷ ᠲᠥᠭᠦᠷᠢᠭ ᠤᠨ ᠢᠲᠡᠭᠡᠮᠵᠢ ᠣᠯᠭᠤᠨ᠎ᠠ᠃
ᠬᠠᠮᠢᠶ᠎ᠠ ᠪᠦᠬᠦᠢ ᠬᠦᠷᠢᠶᠡᠨ ᠤ ᠭᠤᠣᠯᠳᠠᠯᠭ᠎ᠠ ᠲᠠᠢ ᠢᠨᠵᠧᠨᠧᠷᠢᠩ᠂ ᠴᠢᠬᠤᠯᠠ ᠶᠡᠭᠡ ᠲᠥᠷᠥᠯ ᠵᠦᠢᠯ ᠤᠨ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠡᠷᠴᠢᠮ ᠢ ᠴᠢᠩᠭᠠᠷᠠᠭᠤᠯᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠬᠢᠩᠭᠠᠨ ᠠᠶᠢᠮᠠᠭ 2022 ᠣᠨ ᠤ 11 ᠰᠠᠷ᠎ᠠ ᠳᠤ 《ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠢᠶᠠᠷ ︿ᠲᠠᠪᠤᠨ ᠶᠡᠭᠡ ᠡᠭᠦᠷᠭᠡ﹀ ᠶᠢᠨ ᠨᠠᠶᠢᠳᠠᠪᠤᠷᠢᠵᠢᠭᠤᠯᠤᠯᠲᠠ ᠶᠢ ᠳᠡᠮᠵᠢᠬᠦ ᠲᠥᠰᠥᠯ》 ᠢ ᠨᠡᠶᠢᠲᠡᠯᠡᠵᠦ᠂ 2025 ᠣᠨ ᠪᠣᠯᠲᠠᠯ᠎ᠠ ᠂ ᠪᠥᠬᠦ ᠠᠶᠢᠮᠠᠭ ᠤᠨ ᠪᠠᠩᠬᠢ ᠶᠢᠨ ᠦᠢᠯᠡᠰ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ 《ᠲᠠᠪᠤᠨ ᠶᠡᠭᠡ ᠡᠭᠦᠷᠭᠡ》 ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠰᠠᠨᠠᠮᠵᠢ ᠶᠢᠨ ᠴᠢᠨᠠᠷᠲᠠᠢ ᠢᠲᠡᠭᠡᠮᠵᠢ ᠣᠯᠭᠤᠬᠤ ᠪᠠ ᠪᠡᠯᠡ ᠣᠷᠣᠭᠤᠯᠤᠯᠲᠠ ᠶᠢᠨ ᠶᠡᠷᠦᠩᠬᠡᠢ ᠲᠤᠭ᠎ᠠ ᠶᠢ 600 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠦᠭᠦᠯᠬᠦ ᠪᠠᠷ ᠳᠤᠷᠠᠳᠤᠨ ᠭᠠᠷᠭᠠᠪᠠ᠃
ᠲᠣᠰ ᠤᠳᠠᠭ᠎ᠠ ᠶᠢᠨ ᠵᠣᠯᠭᠠᠭᠤᠯᠬᠤ ᠬᠤᠷᠠᠯ ᠨᠢ 《ᠲᠠᠪᠤᠨ ᠶᠡᠭᠡ ᠡᠭᠦᠷᠭᠡ》 ᠶᠢ ᠬᠡᠷᠡᠭᠵᠢᠭᠦᠯᠦᠨ ᠦᠷ᠎ᠡ ᠪᠦᠲᠦᠮᠵᠢ ᠣᠯᠬᠤ ᠶᠢ ᠠᠬᠢᠭᠤᠯᠵᠦ ᠂ ᠬᠢᠩᠭᠠᠨ ᠠᠶᠢᠮᠠᠭ ᠤᠨ ᠠᠵᠤ ᠠᠬᠤᠶᠢᠯᠠᠯ ᠤᠨ ᠬᠥᠭᠵᠢᠯᠲᠡ ᠶᠢᠨ ᠵᠡᠷᠭᠡ ᠲᠠᠰ ᠳᠡᠪᠰᠢᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠢᠯᠡᠷᠬᠡᠶᠢᠯᠡᠬᠦ ᠳᠤ ᠪᠠᠨ ᠂ ᠬᠢᠩᠭᠠᠨ ᠠᠶᠢᠮᠠᠭ ᠤᠨ ᠬᠥᠭᠵᠢᠯᠲᠡ ᠶᠢ ᠦᠷᠭᠦᠯᠵᠢᠯᠡᠨ ᠬᠠᠯᠠᠮᠵᠢᠯᠠᠨ ᠳᠡᠮᠵᠢᠨ᠎ᠡ ᠃ ᠬᠢᠩᠭᠠᠨ ᠠᠶᠢᠮᠠᠭ ᠤᠨ ᠬᠢᠨ ᠲᠣᠰ ᠤᠳᠠᠭᠠᠨ ᠤ ᠵᠣᠯᠭᠠᠭᠤᠯᠵᠦ ᠭᠡᠷ᠎ᠡ ᠲᠣᠭᠲᠠᠬᠤ ᠠᠵᠢᠯᠯᠠᠭ᠎ᠠ ᠪᠠᠷ ᠰᠢᠨ᠎ᠡ ᠭᠠᠷᠤᠭ᠎ᠠ ᠪᠣᠯᠭᠠᠵᠤ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠠᠰᠠᠭ ᠵᠠᠬᠢᠷᠭ᠎ᠠ᠂ ᠮᠥᠩᠭᠦᠨ ᠭᠦᠢᠯᠭᠡᠭᠡ ᠪᠠ ᠠᠵᠤ ᠠᠬᠤᠶᠢᠯᠠᠯ ᠢ ᠵᠣᠯᠭᠠᠭᠤᠯᠤᠭᠰᠠᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠵᠤ᠂ ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ 《ᠰᠢᠨ᠎ᠡ ᠥᠯᠢᠭᠡᠷ ᠳᠠᠭᠤᠷᠢᠶᠠᠯ》 ᠢ ᠪᠣᠶ ᠪᠣᠯᠭᠠᠵᠤ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠᠲᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠶᠢ ᠬᠠᠪᠰᠤᠷᠤᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃