ᠵᠤᠬᠢᠶᠠᠭᠴᠢ:
ᠴᠠᠭ:2023-04-07
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠲᠦᠩᠯᠢᠶᠣᠣ ᠬᠤᠲᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ
ᠲᠦᠩᠯᠢᠶᠣᠣ ᠬᠤᠳᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠰ ᠤᠨ ᠲᠡᠷᠢᠭᠦᠨ ᠴᠢᠬᠤᠯᠠ ᠠᠵᠢᠯ ᠪᠣᠯᠭᠠᠨ ᠠᠳᠬᠤᠵᠤ ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠵᠦ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠠᠲᠤᠯᠠᠵᠤ ᠪᠠᠶᠢᠨ᠎ᠠ᠃ 4 ᠳ᠋ᠦ᠋ᠭᠡᠷ ᠰᠠᠷ᠎ᠠ ᠶᠢᠨ 3 ᠤ ᠡᠳᠦᠷ ᠪᠣᠯᠲᠠᠯ᠎ᠠ᠂ ᠪᠥᠬᠦ ᠬᠤᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠦᠨ ᠬᠡᠷᠡᠭᠰᠡᠯ ᠤᠨ ᠶᠡᠷᠦᠩᠬᠡᠶᠢᠯᠡᠭᠰᠡᠨ ᠨᠥᠬᠦᠪᠦᠷᠢ ᠶᠢ ᠪᠡᠯᠡᠬᠡᠨ ᠪᠣᠯᠭᠠᠭᠰᠠᠨ ᠨᠣᠷᠮ᠎ᠠ ᠨᠢ 57% ᠳᠤ ᠬᠦᠷᠴᠦ ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠦᠨᠳᠦᠰᠦᠨ ᠳᠤ ᠪᠠᠨ ᠠᠳᠠᠯᠢ ᠪᠠᠶᠢᠵᠤ᠂ ᠲᠠᠷᠢᠶᠠᠨ ᠦᠷ᠎ᠡ᠂ ᠬᠢᠮᠢ ᠶᠢᠨ ᠪᠣᠷᠳᠣᠭᠤᠷ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠦᠨ ᠬᠡᠷᠡᠭᠰᠡᠯ ᠤᠳ ᠤᠨ ᠨᠥᠭᠡᠴᠡ ᠶᠢᠨ ᠬᠡᠮᠵᠢᠶ᠎ᠡ ᠪᠠ ᠭᠠᠳᠠᠨ᠎ᠠ ᠠᠴᠠ ᠰᠢᠯᠵᠢᠭᠦᠯᠦᠨ ᠣᠷᠣᠭᠤᠯᠵᠤ ᠪᠣᠯᠬᠤᠶᠢᠴᠠ ᠬᠡᠮᠵᠢᠶ᠎ᠡ ᠨᠢ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠵᠠᠢ᠃
ᠲᠠᠷᠢᠶᠠᠯᠠᠩ ᠢ ᠬᠠᠮᠠᠭᠠᠯᠠᠨ ᠬᠤᠳᠠᠯ ᠬᠠᠭᠤᠷᠮᠠᠭ ᠦᠢᠯᠡᠳᠬᠦᠨ ᠳᠤ ᠴᠣᠬᠢᠯᠲᠠ ᠥᠭᠴᠦ ᠬᠠᠪᠤᠷ ᠤᠨ ᠲᠠᠷᠢᠶᠠᠯᠠᠭ᠎ᠠ ᠶᠢ ᠪᠠᠲᠤᠯᠠᠪᠠ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠶᠢᠨ ᠲᠥᠯᠥᠭᠡ ᠂ ᠪᠦᠬᠦ ᠬᠤᠳᠠ ᠶᠢᠨ ᠬᠢᠨ ᠬᠠᠤᠯᠢ ᠬᠡᠷᠡᠭᠵᠢᠭᠦᠯᠬᠦ ᠠᠵᠢᠯᠲᠠᠳ ᠢ ᠨᠡᠶᠢᠳᠡ 4416 ᠬᠥᠮᠥᠨ ᠤᠳᠠᠭ᠎ᠠ ᠬᠥᠳᠡᠯᠭᠡᠵᠦ ᠂ ᠲᠠᠷᠢᠶᠠᠯᠠᠩ ᠤᠨ ᠦᠢᠯᠡᠳᠪᠦᠷᠢᠯᠡᠯ ᠦᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠢ 1104 ᠤᠳᠠᠭ᠎ᠠ 8 ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠪᠠ ᠃
ᠲᠠᠷᠢᠶᠠᠯᠠᠩ ᠤᠨ ᠮᠠᠰᠢᠨ ᠢ ᠪᠠᠶᠢᠴᠠᠭᠠᠨ ᠰᠡᠯᠪᠢᠵᠦ ᠬᠠᠪᠤᠷ ᠤᠨ ᠲᠠᠷᠢᠶᠠᠯᠠᠭ᠎ᠠ ᠳᠤ ᠠᠰᠢᠭᠲᠠᠢ ᠨᠥᠭᠦᠴᠡᠯ ᠪᠦᠷᠢᠯᠳᠦᠭᠦᠯᠪᠡ ᠃ ᠪᠦᠬᠦ ᠬᠤᠲᠠ ᠶᠢᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠠᠰᠢᠭᠯᠠᠵᠤ ᠪᠣᠯᠬᠤᠶᠢᠴᠠ ᠲᠷᠠᠺᠲ᠋ᠣᠷ 18 ᠲᠦᠮᠡ᠂ ᠢᠵᠢ ᠪᠦᠷᠢᠳᠦᠭᠰᠡᠨ ᠮᠠᠰᠢᠨ ᠪᠠᠭᠠᠵᠢ 25.5 ᠲᠦᠮᠡ᠂ ᠪᠠᠶᠢᠴᠠᠭᠠᠨ ᠰᠡᠯᠪᠢᠵᠦ ᠠᠷᠠᠴᠢᠯᠠᠨ ᠬᠠᠮᠠᠭᠠᠯᠠᠬᠤ ᠴᠢᠬᠤᠯᠠᠲᠠᠢ ᠮᠠᠰᠢᠨ ᠪᠠᠭᠠᠵᠢ 17.5 ᠲᠦᠮᠡ ᠪᠠᠶᠢᠵᠤ᠂ ᠪᠠᠶᠢᠴᠠᠭᠠᠨ ᠰᠡᠯᠪᠢᠵᠦ ᠠᠷᠠᠴᠢᠯᠠᠨ ᠬᠠᠮᠠᠭᠠᠯᠠᠭᠰᠠᠨ ᠨᠣᠷᠮ᠎ᠠ 92% ᠲᠤ ᠬᠦᠷᠴᠡᠢ ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠯᠴᠠᠭᠤᠯᠵᠤ ᠪᠣᠯᠬᠤᠶᠢᠴᠠ ᠲᠠᠷᠢᠶᠠᠯᠠᠩ ᠤᠨ ᠮᠠᠰᠢᠨ ᠤ ᠮᠡᠷᠭᠡᠵᠢᠯᠲᠡᠨ 11.9 ᠲᠦᠮᠡ ᠳᠤ ᠬᠦᠷᠴᠦ᠂ 3406 ᠵᠢᠯᠣᠭᠤᠴᠢᠳ ᠲᠤ ᠪᠣᠯᠪᠠᠰᠤᠷᠠᠯ ᠬᠦᠷᠲᠡᠭᠡᠨ ᠂ ᠮᠠᠰᠢᠨ ᠢᠶᠠᠷ ᠲᠠᠷᠢᠶᠠᠯᠠᠬᠤ ᠬᠡᠮᠵᠢᠶ᠎ᠡ ᠨᠢ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠪᠣᠯᠵᠠᠢ᠃
ᠲᠠᠷᠢᠶᠠᠯᠠᠩ ᠤᠨ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ ᠬᠠᠪᠤᠷ ᠤᠨ ᠲᠠᠷᠢᠶᠠᠯᠠᠭ᠎ᠠ ᠢ ᠲᠤᠰᠠᠯᠠᠪᠠ ᠃ ᠲᠦᠩᠯᠢᠶᠣᠣ ᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠲᠣᠪᠴᠢᠶ᠎ᠠ ᠨᠢ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠮᠡᠷᠭᠡᠵᠢᠯ ᠤᠨ ᠪᠦᠯᠬᠦᠮ ᠤᠳ ᠢ ᠤᠷᠢᠵᠦ ᠲᠣᠭᠤᠷᠢᠨ ᠪᠣᠯᠪᠠᠰᠤᠷᠠᠯ ᠬᠢᠯᠭᠡᠭᠰᠡᠨ ᠮᠥᠷᠲᠡᠭᠡᠨ ᠮᠡᠷᠭᠡᠵᠢᠯ ᠪᠠ ᠠᠵᠢᠯ ᠤᠨ ᠰᠢᠮᠳᠠᠭᠤᠯᠤᠨ ᠵᠢᠯᠤᠭᠤᠳᠴᠤ ᠬᠤᠯᠪᠤᠭᠠᠯᠠᠨ ᠳᠠᠭᠠᠭᠠᠴᠢᠯᠠᠬᠤ 8 ᠳᠤᠭᠤᠶᠢᠯᠠᠩ ᠪᠠᠶᠢᠭᠤᠯᠵᠠᠢ᠃ ᠣᠳᠣᠬᠠᠨ ᠳᠤ᠂ ᠪᠥᠬᠦ ᠬᠤᠲᠠ ᠪᠠᠷ ᠢᠶᠠᠨ ᠨᠢᠭᠡᠨᠲᠡ ᠲᠠᠷᠢᠶᠠᠯᠠᠩ ᠤᠨ ᠮᠡᠷᠭᠡᠵᠢᠯᠲᠡᠨ ᠂ ᠰᠢᠨ᠎ᠡ ᠬᠡᠯᠪᠡᠷᠢ ᠶᠢᠨ ᠲᠠᠷᠢᠮᠠᠯ ᠤᠨ ᠭᠤᠣᠯ ᠴᠣᠭᠴᠠ ᠪᠠ ᠲᠣᠮᠣ ᠡᠷᠦᠬᠡ ᠶᠢᠨ 1.64 ᠲᠦᠮᠡᠨ ᠬᠥᠮᠥᠨ ᠳᠤ ᠪᠣᠯᠪᠠᠰᠤᠷᠠᠯ ᠬᠦᠷᠲᠡᠭᠡᠵᠦ ᠂ 《ᠭᠤᠷᠪᠠᠨ ᠲᠤ ᠬᠥᠳᠡᠭᠡ ᠲᠣᠰᠬᠤᠨ ᠢ ᠣᠶᠢᠯᠠᠭᠠᠬᠤ》ᠣᠬᠤᠷ ᠸᠢᠳᠢᠤ᠋ ᠶᠢ 512 ᠬᠤᠭᠤᠴᠠᠭ᠎ᠠ ᠦᠢᠯᠡᠳᠦᠨ ᠨᠡᠶᠢᠲᠡᠯᠡᠭᠰᠡᠨ ᠪᠥᠭᠡᠳ ᠬᠦᠮᠦᠰ ᠤᠨ ᠦᠵᠡᠭᠰᠡᠨ ᠬᠡᠮᠵᠢᠶ᠎ᠡ 500 ᠲᠦᠮᠡᠨ ᠤᠳᠠᠭ᠎ᠠ ᠶᠢ ᠳᠠᠪᠠᠭᠰᠠᠨ ᠪᠠᠶᠢᠨ᠎ᠠ ᠃