ᠵᠤᠬᠢᠶᠠᠭᠴᠢ:
ᠴᠠᠭ:2023-04-14
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠦᠬᠠᠢ ᠬᠤᠲᠠ ᠶᠢᠨ 3173 ᠢᠵᠢ ᠲᠥᠪᠬᠢᠨᠡᠭᠦᠯᠬᠦ ᠣᠷᠣᠨ ᠰᠠᠭᠤᠴᠠ ᠶᠢ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠲᠤᠰᠢᠶᠠᠬᠤ ᠪᠠᠷ ᠪᠣᠢ
ᠡᠨᠡ ᠵᠢᠯ᠂ ᠦᠬᠠᠢ ᠬᠤᠲᠠ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠲᠥᠪᠬᠢᠨᠡᠭᠦᠯᠬᠦ ᠣᠷᠣᠨ ᠰᠠᠭᠤᠴᠠ ᠪᠣᠯᠭᠠᠨ ᠥᠭᠡᠷᠡᠴᠢᠯᠡᠨ ᠵᠠᠰᠠᠬᠤ ᠦᠷᠭᠦᠯᠵᠢᠯᠡᠨ ᠪᠠᠶᠢᠭᠤᠯᠤᠭᠰᠠᠨ 4 ᠲᠥᠷᠥᠯ ᠵᠦᠢᠯ ᠤᠨ 3173 ᠢᠵᠢ ᠪᠠᠷᠢᠯᠭ᠎ᠠ ᠶᠢᠨ ᠠᠵᠢᠯ ᠢ ᠪᠥᠬᠦ ᠲᠠᠯ᠎ᠠ ᠪᠠᠷ ᠰᠡᠷᠭᠦᠭᠡᠵᠦ᠂ 5 ᠳ᠋ᠤᠭᠠᠷ ᠰᠠᠷ᠎ᠠ ᠠᠴᠠ ᠡᠬᠢᠯᠡᠨ ᠡᠯ᠎ᠡ ᠲᠥᠷᠥᠯ ᠵᠦᠢᠯ ᠢ ᠵᠠᠯᠭᠠᠭ᠎ᠠ ᠪᠠᠷ ᠲᠤᠰᠢᠶᠠᠨ ᠬᠡᠷᠡᠭᠯᠡᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠲᠤᠰᠢᠶᠠᠬᠤ ᠪᠠᠷ ᠪᠣᠢ᠃
ᠣᠶᠢᠯᠠᠭᠠᠭᠰᠠᠨ ᠢᠶᠠᠷ᠂ 4 ᠲᠥᠷᠥᠯ ᠵᠦᠢᠯ ᠳᠤ ᠨᠡᠶᠢᠲᠡ 3173 ᠢᠵᠢ ᠲᠥᠪᠬᠢᠨᠡᠭᠦᠯᠬᠦ ᠣᠷᠣᠨ ᠰᠠᠭᠤᠴᠠ ᠪᠠᠶᠢᠭᠤᠯᠵᠤ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 39.5 ᠲᠦᠮᠡᠨ ᠲᠡᠭᠰᠢ ᠳᠦᠷᠪᠡᠯᠵᠢᠨ ᠮᠧᠲᠷ ᠲᠤ ᠬᠦᠷᠴᠡᠢ᠃ ᠤᠳᠠ ᠲᠣᠭᠤᠷᠢᠭ ᠤᠨ ᠶᠢᠨ ᠷᠦᠢ ᠵᠢᠶᠠ ᠶᠤᠸᠠᠨ ᠤ ᠲᠥᠷᠥᠯ ᠵᠦᠢᠯ ᠳᠤ 561 ᠢᠵᠢ ᠣᠷᠣᠨ ᠰᠠᠭᠤᠴᠠ ᠪᠠᠶᠢᠭᠤᠯᠵᠤ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 5.04 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰᠢᠶᠠᠨ ᠥᠭᠴᠦ ᠬᠡᠷᠡᠭᠯᠡᠭᠦᠯᠬᠦ ᠪᠠᠷ ᠴᠢᠷᠮᠠᠶᠢᠵᠤ ᠪᠠᠶᠢᠨ᠎ᠠ︔ ᠤᠳᠠ ᠲᠣᠭᠤᠷᠢᠭ ᠤᠨ ᠯᠠᠩ ᠹᠧᠩ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠳᠤ 1374 ᠢᠵᠢ ᠣᠷᠣᠨ ᠰᠠᠭᠤᠴᠠ ᠪᠠᠶᠢᠭᠤᠯᠵᠤ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ ᠪᠠᠷᠤᠭ 21 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ ᠵᠢᠯ ᠤᠨ ᠰᠡᠭᠦᠯᠴᠢ ᠳᠤ ᠲᠤᠰᠢᠶᠠᠨ ᠥᠭᠴᠦ ᠬᠡᠷᠡᠭᠯᠡᠭᠦᠯᠬᠦ ᠪᠠᠷ ᠲᠥᠯᠥᠪᠯᠡᠵᠦ ᠪᠣᠶ︔ ᠬᠠᠶᠢᠨᠠᠨ ᠲᠣᠭᠤᠷᠢᠭ ᠤᠨ ᠾᠧ ᠰᠢᠶᠧ ᠶᠢᠨ ᠬᠤᠶᠠᠳᠤᠭᠠᠷ ᠬᠤᠭᠤᠴᠠᠭᠠᠨ ᠳᠤ 398 ᠢᠵᠢ ᠣᠷᠣᠨ ᠰᠠᠭᠤᠴᠠ ᠪᠠᠶᠢᠭᠤᠯᠵᠤ᠂ ᠶᠡᠷᠦᠩᠬᠡᠢ ᠪᠠᠷᠢᠯᠭ᠎ᠠ ᠶᠢᠨ ᠲᠠᠯᠠᠪᠠᠢ ᠨᠢ 4.68 ᠲᠦᠮᠡᠨ ᠲᠡᠭᠰᠢ ᠳᠦᠷᠪᠡᠯᠵᠢᠨ ᠮᠧᠲᠷ ᠲᠤ ᠬᠦᠷᠴᠦ᠂ 4 ᠳ᠋ᠦ᠋ᠭᠡᠷ ᠰᠠᠷ᠎ᠠ ᠶᠢᠨ ᠰᠡᠭᠦᠯᠴᠢ ᠪᠠᠷ ᠲᠤᠰᠢᠶᠠᠨ ᠥᠭᠴᠦ ᠬᠡᠷᠡᠭᠯᠡᠭᠦᠯᠬᠦ ᠪᠠᠷ ᠲᠥᠯᠥᠪᠯᠡᠵᠦ ᠪᠠᠶᠢᠨ᠎ᠠ︔ ᠬᠠᠶᠢᠨᠠᠨ ᠲᠣᠭᠤᠷᠢᠭ ᠤᠨ ᠶᠢᠨ ᠬᠠᠢ ᠶᠤᠸᠠᠨ ᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠳᠤ 840 ᠢᠵᠢ ᠣᠷᠣᠨ ᠰᠠᠭᠤᠴᠠ ᠪᠠᠶᠢᠭᠤᠯᠵᠤ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 8.77 ᠲᠦᠮᠡᠨ ᠲᠡᠭᠰᠢ ᠳᠦᠷᠪᠡᠯᠵᠢᠨ ᠮᠧᠲᠷ ᠪᠠᠶᠢᠵᠤ᠂ 7 ᠳ᠋ᠤᠭᠠᠷ ᠰᠠᠷ᠎ᠠ ᠳᠤ ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠣᠶ᠃
ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠲᠤᠰᠢᠶᠠᠨ ᠬᠡᠷᠡᠭᠯᠡᠭᠦᠯᠬᠦ ᠶᠢ ᠪᠠᠲᠤᠯᠠᠬᠤ ᠶᠢᠨ ᠲᠤᠰᠠᠳᠠ᠂ ᠦᠬᠠᠢ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠡᠯ᠎ᠡ ᠲᠣᠭᠤᠷᠢᠭ ᠤᠨ ᠬᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ ᠲᠠᠯ᠎ᠠ ᠶᠢᠨ ᠬᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠪᠠᠷᠢᠯᠭ᠎ᠠ ᠶᠢᠨ ᠶᠠᠰᠤ ᠴᠢᠨᠠᠷ᠂ ᠠᠮᠤᠷ ᠲᠦᠪᠰᠢᠨ ᠪᠠ ᠬᠠᠷᠠᠯᠲᠠᠲᠤ ᠪᠠᠷᠢᠯᠭ᠎ᠠ ᠶᠢᠨ ᠬᠤᠭᠤᠴᠠᠭ᠎ᠠ ᠶᠢ ᠪᠠᠲᠤᠯᠠᠭᠰᠠᠨ ᠤᠷᠢᠲᠠᠯ ᠳᠣᠣᠷ᠎ᠠ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠪᠥᠬᠦ ᠬᠤᠷᠳᠤᠴᠠ ᠪᠠᠷ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃