ᠵᠤᠬᠢᠶᠠᠭᠴᠢ:
ᠴᠠᠭ:2023-04-07
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠯᠢᠨᠰᠢ ᠰᠢᠶᠠᠨ ᠤ ᠬᠡᠷᠡᠯ ᠴᠡᠨᠡᠭ ᠤᠨ ᠠᠵᠤ ᠦᠢᠯᠡᠰ ᠨᠢ ᠪᠣᠬᠢᠷᠳᠤᠯ ᠦᠭᠡᠢ ᠬᠥᠭᠵᠢᠯᠲᠡ ᠶᠢᠨ ᠵᠠᠮ ᠢ ᠭᠡᠷᠡᠯᠲᠦᠭᠦᠯᠪᠡ
ᠤᠷᠢᠬᠠᠨ ᠬᠠᠪᠤᠷ ᠤᠨ ᠳᠥᠷᠪᠡᠨ ᠰᠠᠷ᠎ᠠ ᠪᠠᠷ ᠭᠡᠨᠡᠳᠲᠡ ᠳᠤᠯᠠᠭᠠᠷᠠᠵᠤ ᠭᠡᠨᠡᠳᠲᠡ ᠬᠦᠢᠲᠡᠷᠡᠨ᠎ᠡ᠃ ᠯᠢᠨᠰᠢ ᠰᠢᠶᠠᠨ ᠤ ᠭᠤᠸᠠᠨ ᠭᠧᠦ ᠶᠢᠨ 10 ᠲᠦᠮᠡᠨ ᠺᠢᠯᠣᠸᠠᠲ ᠤᠨ ᠭᠡᠷᠡᠯ ᠴᠡᠨᠡᠭ ᠤᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠵᠣᠭᠰᠣᠬᠤ ᠳᠤ᠂ ᠥᠨᠳᠦᠷᠯᠢᠭ ᠠᠴᠠ ᠦᠯᠢᠶᠡᠭᠰᠡᠨ ᠪᠠᠷᠠᠭᠤᠨ ᠬᠤᠶᠢᠲᠤ ᠶᠢᠨ ᠰᠠᠯᠬᠢ ᠥᠪᠡᠷ ᠤᠨ ᠡᠷᠬᠡ ᠦᠭᠡᠢ ᠳᠠᠭᠠᠷᠠᠳᠠᠰᠤ ᠬᠦᠷᠭᠡᠬᠦ ᠪᠣᠯᠪᠠᠴᠤ ᠨᠢᠳᠦᠨ ᠡᠮᠦᠨᠡᠬᠢ ᠪᠠᠷᠢᠯᠭ᠎ᠠ ᠶᠢᠨ ᠪᠠᠶᠢᠳᠠᠯ ᠨᠢ ᠬᠠᠷᠢᠨ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ᠃ ᠡᠯ᠎ᠡ ᠵᠦᠢᠯ ᠤᠨ ᠮᠠᠰᠢᠨ ᠮᠧᠬᠠᠨᠢᠭ ᠬᠦᠷᠴᠢᠭᠢᠨᠡᠨ ᠳᠤᠤᠭᠠᠷᠴᠤ᠂ ᠰᠢᠷᠣᠢ ᠠᠴᠢᠬᠤ ᠲᠡᠷᠭᠡ᠂ ᠪᠧᠲ᠋ᠤᠨ ᠬᠤᠳᠬᠤᠵᠤ ᠵᠥᠭᠡᠭᠡᠪᠦᠷᠢᠯᠡᠬᠦ ᠲᠡᠷᠭᠡ ᠨᠠᠭᠠᠰᠢ ᠴᠠᠭᠠᠰᠢ ᠰᠦᠯᠵᠢᠯᠳᠦᠵᠦ᠂ ᠬᠡᠳᠦᠨ ᠠᠷᠪᠠᠨ ᠠᠵᠢᠯᠴᠢᠨ ᠥᠪᠡᠷ ᠤᠨ ᠠᠵᠢᠯ ᠤᠨ ᠪᠠᠶᠢᠷᠢ ᠳᠡᠭᠡᠷ᠎ᠡ ᠪᠠᠨ ᠱᠣᠩ ᠰᠢᠭᠠᠨ᠎ᠠ᠂ ᠪᠣᠯᠣᠳ ᠰᠢᠩᠭᠡᠯᠢᠭ ᠦᠢᠯᠡᠳᠦᠨ᠎ᠡ᠂ ᠪᠧᠲ᠋ᠤᠨ ᠴᠢᠳᠬᠤᠨ᠎ᠠ ᠁ ᠬᠥᠷ ᠬᠥᠭᠵᠢᠶᠡᠨ ᠲᠠᠢ ᠪᠠᠷᠢᠯᠭ᠎ᠠ ᠶᠢᠨ ᠭᠠᠵᠠᠷ ᠲᠤ᠂ ᠠᠵᠢᠯᠴᠢᠳ ᠤᠨ ᠬᠠᠯᠠᠭᠤᠨ ᠰᠡᠳᠬᠢᠯᠭᠡ ᠨᠢ ᠬᠦᠢᠲᠡᠨ ᠠᠭᠤᠷ ᠠᠮᠢᠰᠬᠤᠯ ᠳᠤ ᠥᠴᠥᠬᠡᠨ ᠴᠦ ᠨᠥᠯᠥᠭᠡᠯᠡᠭᠳᠡᠬᠦ ᠦᠭᠡᠢ ᠪᠠᠶᠢᠯ᠎ᠠ᠃
ᠯᠢᠨᠰᠢ ᠰᠢᠶᠠᠨ ᠤ ᠭᠤᠸᠠᠨ ᠭᠧᠦ ᠶᠢᠨ 10 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠢᠯ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠥᠷᠥᠯ ᠵᠦᠢᠯ ᠪᠠᠶᠢᠵᠤ᠂ 5641 ᠮᠦ ᠭᠠᠵᠠᠷ ᠡᠵᠡᠯᠡᠵᠦ᠂ 6 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠨ᠂ 2022 ᠣᠨ ᠳᠤ ᠨᠡᠶᠢᠲᠡ 3.3 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ 2023 ᠣᠨ ᠤ 10 ᠳ᠋ᠤᠭᠠᠷ ᠰᠠᠷ᠎ᠠ ᠶᠢᠨ ᠰᠡᠭᠦᠯᠴᠢ ᠪᠠᠷ ᠳᠠᠭᠤᠰᠬᠠᠬᠤ ᠪᠠᠷ ᠵᠢᠱᠢᠵᠦ ᠪᠣᠶ᠃ ᠴᠠᠬᠢᠯᠭᠠᠨ ᠦ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠭᠰᠠᠨ ᠤ ᠳᠠᠷᠠᠭ᠎ᠠ᠂ ᠵᠢᠯ ᠳᠤᠮᠳᠠᠴᠢ ᠶᠢᠨ ᠲᠡᠩᠴᠡᠭᠦᠦ ᠦᠢᠯᠡᠳᠦᠯᠳᠦ ᠠᠰᠢᠭᠯᠠᠯᠲᠠ ᠶᠢᠨ ᠴᠠᠭ ᠨᠢ 1694 ᠴᠠᠭ ᠪᠠᠶᠢᠵᠤ᠂ ᠠᠩᠬᠠᠳᠠᠭᠴᠢ ᠪᠦᠲᠦᠨ ᠵᠢᠯ ᠤᠨ ᠴᠡᠪᠡᠷ ᠠᠰᠢᠭ ᠨᠢ 571 ᠲᠦᠮᠡᠨ ᠲᠥᠭᠦᠷᠢᠭ ᠲᠤ ᠬᠦᠷᠴᠦ᠂ ᠵᠢᠯ ᠳᠤᠮᠳᠠᠴᠢ ᠶᠢᠨ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 21472 ᠲᠦᠮᠡᠨ ᠺᠢᠯᠣᠸᠠᠲ ᠲᠤ ᠬᠦᠷᠴᠦ᠂ ᠵᠢᠯ ᠤᠨ ᠦᠢᠯᠡᠳᠬᠦᠨ ᠤ ᠥᠷᠲᠡᠭ ᠨᠢ ᠪᠠᠷᠤᠭ 8113 ᠲᠦᠮᠡᠨ ᠲᠥᠭᠦᠷᠢᠭ ᠲᠤ ᠬᠥᠷᠪᠡ᠃
《ᠲᠥᠷᠥᠯ ᠵᠦᠢᠯ ᠢ ᠠᠭᠤᠷᠬᠠᠢ ᠶᠢᠨ ᠣᠷᠣᠨ ᠤ ᠰᠢᠷᠣᠢ ᠭᠠᠳᠠᠭᠰᠢᠯᠠᠭᠤᠯᠬᠤ ᠲᠠᠯᠠᠪᠠᠶ ᠳᠤ ᠪᠠᠶᠢᠭᠤᠯᠵᠤ᠂ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠷᠣᠢ ᠭᠠᠳᠠᠭᠰᠢᠯᠠᠭᠤᠯᠬᠤ ᠲᠠᠯᠠᠪᠠᠢ ᠶᠢᠨ ᠵᠠᠰᠠᠯᠲᠠ ᠲᠠᠢ ᠤᠶᠠᠯᠳᠤᠭᠤᠯᠵᠤ᠂ ᠬᠡᠷᠡᠯ ᠴᠡᠨᠡᠭ ᠤᠨ ᠲᠠᠯᠠᠪᠤᠷ ᠲᠣᠭᠤᠷᠢᠭ ᠢ ᠪᠠᠶᠢᠭᠤᠯᠬᠤ ᠪᠠᠷ ᠳᠠᠮᠵᠢᠭᠤᠯᠤᠨ ᠠᠮᠢ ᠠᠬᠤᠢ ᠶᠢᠨ ᠰᠡᠷᠭᠦᠭᠡᠯᠲᠡ ᠶᠢ ᠪᠡᠶᠡᠯᠡᠭᠦᠯᠬᠦ ᠶᠢᠨ ᠬᠠᠮᠲᠤ ᠭᠠᠵᠠᠷ ᠰᠢᠷᠣᠢ ᠶᠢ ᠶᠡᠭᠡ ᠬᠡᠪᠴᠢᠶ᠎ᠡ ᠪᠠᠷ ᠰᠤᠯᠠ ᠲᠠᠯᠪᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠨᠢᠭᠡ ᠯᠡ ᠳᠡᠭᠡᠷ᠎ᠡ ᠬᠤᠶᠠᠷ ᠲᠠᠯ᠎ᠠ ᠪᠠᠷ ᠠᠴᠢ ᠲᠤᠰᠠ ᠬᠦᠷᠲᠡᠪᠡ》ᠭᠡᠵᠦ ᠲᠥᠷᠥᠯ ᠵᠦᠢᠯ ᠤᠨ ᠬᠠᠷᠢᠭᠤᠴᠠᠯᠭᠠᠲᠠᠨ ᠸᠠᠩ ᠶᠠᠩ ᠲᠠᠨᠢᠯᠴᠠᠭᠤᠯᠪᠠ᠃
ᠯᠢᠨᠰᠢ ᠰᠢᠶᠠᠨ ᠳᠤ ᠡᠯᠪᠡᠭ ᠪᠠᠶᠠᠯᠢᠭ ᠰᠠᠯᠬᠢ ᠭᠡᠷᠡᠯ ᠤᠨ ᠡᠬᠢ ᠪᠠᠶᠠᠯᠢᠭ ᠪᠠᠶᠢᠵᠤ᠂ ᠣᠳᠣᠬᠠᠨ ᠳᠤ ᠨᠢᠭᠡᠨᠲᠡ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠬᠤᠶᠠᠷ ᠲᠥᠷᠥᠯ ᠵᠦᠢᠯ ᠢ ᠪᠠᠶᠢᠭᠤᠯᠵᠤ᠂ ᠵᠢᠯ ᠳᠤᠮᠳᠠᠴᠢ ᠴᠠᠬᠢᠯᠭᠠᠨ ᠭᠠᠷᠭᠠᠬᠤ ᠬᠡᠮᠵᠢᠶ᠎ᠡ ᠨᠢ ᠪᠠᠷᠤᠭ 8000 ᠲᠦᠮᠡᠨ ᠺᠢᠯᠣᠸᠠᠲ ᠴᠠᠭ ᠲᠤ ᠬᠥᠷᠪᠡ᠃ ᠭᠤᠸᠠᠨ ᠭᠧᠦ ᠶᠢᠨ 10 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠨᠢ ᠯᠢᠨᠰᠢ ᠣᠷᠣᠨ ᠤ ᠬᠡᠷᠡᠯ ᠤᠨ ᠡᠨᠧᠷᠭᠢ ᠶᠢᠨ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠡᠨᠧᠷᠭᠢ ᠶᠢᠨ ᠬᠡᠷᠡᠭᠯᠡᠭᠡᠨ ᠤ ᠪᠦᠲᠦᠴᠡ ᠶᠢ ᠰᠢᠯᠢᠳᠡᠭᠵᠢᠭᠦᠯᠦᠨ᠂ ᠣᠯᠠᠨ ᠡᠨᠧᠷᠭᠢ ᠬᠠᠷᠢᠯᠴᠠᠨ ᠨᠥᠬᠦᠪᠦᠷᠢᠯᠡᠭᠰᠡᠨ ᠬᠡᠯᠪᠡᠷᠢ ᠶᠢᠨ᠂ ᠴᠠᠬᠢᠯᠭᠠᠨ ᠤ ᠲᠣᠣᠷ ᠤᠨ ᠨᠥᠬᠦᠷᠰᠡᠭ ᠬᠡᠯᠪᠡᠷᠢ ᠶᠢᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠣᠷᠣᠨ ᠵᠠᠢ ᠶᠢᠨ ᠪᠠᠶᠢᠷᠢᠰᠢᠭᠤᠯᠤᠯᠲᠠ ᠶᠢ ᠪᠠᠶᠢᠭᠤᠯᠬᠤ ᠴᠢᠬᠤᠯᠠ ᠦᠢᠯᠡᠳᠦᠯ ᠲᠠᠢ ᠶᠤᠮ᠃
《ᠡᠬᠢ ᠪᠠᠶᠠᠯᠢᠭ ᠢᠶᠠᠷ ᠠᠵᠤ ᠦᠢᠯᠡᠰ ᠢ ᠰᠣᠯᠢᠵᠤ᠂ ᠠᠵᠤ ᠦᠢᠯᠡᠰ ᠢᠶᠠᠷ ᠬᠥᠭᠵᠢᠯᠲᠡ ᠶᠢ ᠠᠬᠢᠭᠤᠯᠤᠨ᠎ᠠ᠃ ᠯᠢᠨᠰᠢ ᠰᠢᠶᠠᠨ ᠤ ᠬᠢᠨ ᠨᠢᠭᠡ ᠪᠦᠯᠦᠭ ᠬᠠᠮᠲᠤ ᠳᠤ ᠪᠠᠨ ᠬᠦᠷᠲᠡᠬᠦ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ᠂ ᠨᠡᠮᠡᠭᠳᠡᠯ ᠤᠨ ᠴᠠᠬᠢᠯᠭᠠᠨ ᠲᠦᠭᠡᠭᠡᠬᠦ ᠲᠣᠣᠷ ᠵᠡᠷᠭᠡ ᠰᠠᠭᠤᠷᠢ ᠲᠠᠯᠪᠢᠭᠰᠠᠨ᠂ ᠠᠯᠤᠰ ᠬᠡᠳᠦ ᠶᠢ ᠪᠠᠷᠠᠯᠠᠭᠰᠠᠨ ᠬᠦᠷᠢᠶᠡᠯᠡᠩ ᠲᠣᠭᠤᠷᠢᠭ ᠤᠨ ᠴᠠᠬᠢᠯᠭᠠᠨ ᠬᠠᠩᠭᠠᠬᠤ ᠰᠠᠭᠤᠷᠢ ᠲᠥᠷᠥᠯ ᠵᠦᠢᠯ ᠢ ᠢᠳᠡᠪᠬᠢᠲᠡᠢ ᠪᠠᠷ ᠲᠥᠯᠥᠪᠯᠡᠨ ᠬᠡᠷᠡᠭᠵᠢᠭᠦᠯᠵᠦ᠂ ᠴᠠᠬᠢᠯᠭᠠᠨ ᠤ ᠦᠨ᠎ᠡ ᠶᠢᠨ ︿ᠬᠤᠲᠣᠭᠤᠷ﹀ ᠢ ᠬᠦᠴᠦᠯᠡᠨ ᠪᠣᠢ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠨᠡᠩ ᠠᠰᠢᠭᠲᠠᠢ ᠨᠥᠬᠦᠴᠡᠯ ᠢ ᠡᠭᠦᠳᠦᠨ᠎ᠡ》 ᠭᠡᠵᠦ ᠯᠢᠨ ᠰᠢ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠯᠢᠦᠢ ᡁᠢ ᠸᠧᠢ ᠲᠠᠨᠢᠯᠴᠠᠭᠤᠯᠪᠠ᠃