ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠬᠤ ᠶᠢ ᠰᠤᠳᠤᠯᠵᠤ ︽ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ
ᠰᠢᠨᠬᠤᠸᠠ ᠬᠤᠷᠢᠶᠠᠨ ᠤ ᠪᠡᠭᠡᠵᠢᠩ ᠤᠨ 2023 4 ᠳ᠋ᠦ᠋ᠭᠡᠷ ᠰᠠᠷ᠎ᠠ ᠶᠢᠨ 14 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 14 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠳᠤ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠷᠠᠯᠲᠠ ᠶᠢ ᠲᠣᠭᠲᠠᠭᠠᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠪᠠᠶᠢᠭᠤᠯᠬᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠯᠠᠪᠳᠠᠭᠤᠨ ᠢᠶᠠᠷ ᠠᠬᠢᠭᠤᠯᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠨᠡᠩ ᠤᠯᠠᠨ ᠨᠡᠩ ᠡᠷᠬᠡ ᠲᠡᠭᠰᠢ ᠪᠠᠷ ᠪᠦᠬᠦ ᠠᠷᠠᠳ ᠲᠦᠮᠡᠨ ᠳᠤ ᠡᠳ᠋ᠯᠡᠭᠦᠯᠬᠦ ᠬᠡᠷᠡᠭᠲᠡᠢ ᠭᠡᠵᠡᠢ᠃
ᠬᠤᠷᠠᠯ ᠠᠴᠠ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠪᠣᠯᠣᠨ ᠠᠵᠢᠯ ᠣᠯᠭᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠶᠡᠷᠦᠩᠬᠡᠢ ᠳᠤ ᠨᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠶᠢᠨ ᠬᠠᠮᠲᠤ᠂ ᠱᠠᠲᠦ ᠦᠶ᠎ᠡ ᠶᠢᠨ ᠴᠢᠨᠠᠷᠲᠠᠢ ᠲᠦᠷᠦ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠢ ᠪᠠᠷ ᠰᠢᠯᠢᠳᠡᠭᠵᠢᠭᠦᠯᠦᠨ ᠲᠣᠬᠢᠷᠠᠭᠤᠯᠵᠤ ᠪᠠᠭᠤᠷᠠᠢ ᠭᠤᠭᠴᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠯᠡᠳᠡᠭᠡᠯ ᠬᠡᠮᠵᠢᠶ᠎ᠡ ᠶᠢ ᠲᠣᠭᠲᠠᠪᠤᠷᠢᠵᠢᠭᠤᠯᠤᠨ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠵᠦ᠂ ᠭᠤᠣᠯᠳᠠᠯᠭ᠎ᠠ ᠶᠢ ᠪᠠᠲᠤᠯᠠᠬᠤ ᠶᠢ ᠲᠤᠪᠤᠶᠢᠯᠭᠠᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠳᠡᠮᠵᠢᠬᠦ ᠪᠠ ᠠᠵᠢᠯ ᠤᠨ ᠪᠠᠶᠢᠷᠢ ᠨᠡᠮᠡᠭᠳᠡᠭᠦᠯᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠬᠦᠴᠦᠲᠡᠢ ᠪᠥᠭᠡᠳ ᠪᠦᠲᠦᠮᠵᠢᠲᠡᠢ ᠬᠡᠷᠡᠭᠵᠢᠭᠦᠯᠵᠦ᠂ ᠠᠵᠤ ᠠᠬᠤᠶᠢᠯᠠᠯ ᠤᠨ ᠬᠥᠮᠥᠨ ᠬᠡᠷᠡᠭᠯᠡᠬᠦ ᠢᠳᠡᠪᠬᠢᠵᠢᠯ ᠢ ᠨᠡᠩ ᠶᠡᠭᠡ ᠬᠡᠮᠵᠢᠶ᠎ᠡ ᠪᠠᠷ ᠳᠠᠶᠢᠴᠢᠯᠠᠬᠤ ᠮᠥᠷᠲᠡᠭᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠂ ᠲᠠᠷᠢᠶᠠᠴᠢᠨ ᠬᠦᠴᠦ ᠶᠠᠪᠤᠭᠴᠢ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠦᠢᠯᠡᠴᠢᠯᠡᠭᠡ ᠶᠢ ᠬᠢᠨᠠᠮᠠᠭᠠᠢ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ ᠣᠷᠣᠨ ᠵᠠᠢ ᠶᠢ ᠤᠯᠠᠨ ᠠᠷᠭ᠎ᠠ ᠵᠠᠮ ᠢᠶᠠᠷ ᠥᠷᠭᠡᠳᠬᠡᠬᠦ ᠬᠡᠷᠡᠭᠲᠡᠢ᠃ ᠠᠵᠢᠯ ᠠᠯᠳᠠᠭᠰᠠᠳ ᠪᠠ ᠠᠵᠢᠯ ᠣᠯᠬᠤ ᠳᠤ ᠬᠦᠴᠢᠷᠲᠡᠢ ᠪᠤᠰᠤᠳ ᠬᠥᠮᠥᠰ ᠢ ᠲᠦᠷᠦᠯ ᠬᠤᠪᠢᠶᠠᠨ ᠬᠠᠪᠰᠤᠷᠤᠨ ᠲᠡᠳᠬᠦᠬᠦ ᠬᠡᠷᠡᠭᠲᠡᠢ᠃ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠪᠣᠳᠠᠲᠠᠢ ᠪᠥᠭᠡᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠦᠢᠯᠡᠳᠬᠦ ᠦᠢᠯᠡᠰ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠵᠡᠷᠭᠡ ᠶᠢᠨ ᠠᠵᠢᠯ ᠣᠯᠭᠤᠯᠲᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ ᠤᠳᠤᠷᠢᠳᠤᠮᠵᠢ ᠶᠢ ᠲᠣᠪᠤᠶᠢᠯᠭᠠᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠬᠠᠨᠳᠤᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ᠂ ᠠᠵᠤ ᠦᠢᠯᠡᠰ ᠤᠨ ᠲᠦᠷᠦ ᠶᠢᠨ ᠪᠣᠳᠣᠯᠭ᠎ᠠ ᠵᠡᠷᠭᠡ ᠶᠢᠨ ᠳᠡᠮᠵᠢᠯᠭᠡ ᠶᠢ ᠴᠢᠩᠭᠠᠳᠬᠠᠵᠤ᠂ ᠪᠦᠲᠦᠮᠵᠢᠲᠡᠢ ᠬᠡᠷᠡᠭᠴᠡᠭᠡ ᠶᠢ ᠥᠷᠭᠡᠳᠬᠡᠬᠦ ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠬᠦ ᠪᠠ ᠠᠵᠤ ᠠᠬᠤᠶᠢᠯᠠᠯ ᠤᠨ ᠡᠵᠡᠩᠨᠡᠯᠲᠡ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠨᠡᠩ ᠤᠯᠠᠨ ᠠᠵᠢᠯ ᠣᠯᠭᠤᠯᠲᠠ ᠶᠢ ᠲᠠᠶᠢᠴᠢᠯᠠᠵᠤ᠂ ᠠᠵᠢᠯ ᠣᠯᠭᠤᠯᠲᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠬᠥᠭᠵᠢᠯᠲᠡ ᠶᠢᠨ ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠡᠢ᠃
ᠬᠤᠷᠠᠯ ᠠᠴᠠ 《ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠨᠣᠣᠷᠠᠭ︶》 ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠣᠶᠢᠷ᠎ᠠ ᠶᠢᠨ ᠵᠢᠯ ᠤᠳ ᠠᠴᠠ ᠨᠠᠭᠠᠰᠢ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠯᠲᠡ ᠶᠠᠪᠤᠬᠤ ᠳᠤᠳᠤᠮ ᠥᠷᠭᠡᠳᠴᠦ᠂ ᠢᠨᠲ᠋ᠧᠷ ᠰᠦᠯᠵᠢᠶ᠎ᠡ ᠪᠣᠯᠣᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ᠂ ᠠᠷᠠᠳ ᠢᠷᠭᠡᠳ ᠪᠣᠯᠣᠨ ᠬᠠᠤᠯᠢ ᠶᠢᠨ ᠡᠷᠬᠡᠲᠡᠨ ᠤ ᠡᠷᠬᠡ ᠠᠰᠢᠭ ᠢ ᠬᠠᠮᠠᠭᠠᠯᠠᠬᠤ ᠲᠠᠯ᠎ᠠ ᠪᠠᠷ ᠬᠢ ᠴᠢᠬᠤᠯᠠ ᠴᠢᠨᠠᠷ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠯᠲᠡ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠠᠪᠴᠠᠩ ᠤᠨ ᠠᠵᠤ ᠠᠬᠤᠶᠢᠯᠠᠯ ᠠᠴᠠ ᠬᠡᠷᠡᠭᠯᠡᠭᠴᠢ ᠶᠢᠨ ᠨᠢᠭᠤᠴᠠ ᠨᠣᠮᠧᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠬᠦ ᠶᠢ ᠰᠢᠮᠳᠠᠭᠤᠯᠵᠤ᠂ ᠬᠤᠪᠢ ᠬᠥᠮᠥᠨ ᠤ ᠨᠢᠭᠤᠴᠠ᠂ ᠬᠤᠳᠠᠯᠳᠤᠭᠠᠨ ᠤ ᠨᠢᠭᠤᠴᠠ ᠪᠠ ᠵᠠᠰᠠᠭ ᠤᠨ ᠣᠷᠳᠣᠨ ᠤ ᠬᠤᠷᠴᠠ ᠰᠡᠷᠭᠡᠭ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ ᠲᠦᠷᠭᠡᠨ ᠬᠥᠭᠵᠢᠯᠲᠡ ᠶᠢᠨ ᠬᠠᠨᠳᠤᠰᠢ ᠳᠤ ᠨᠡᠩ ᠰᠠᠶᠢᠨ ᠵᠣᠬᠢᠴᠠᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠦᠨ ᠬᠡᠷᠡᠭᠯᠡᠬᠦ ᠶᠢ ᠠᠬᠢᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃