ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠭᠦᠨᠵᠡᠭᠡᠢ ᠰᠤᠷᠤᠯᠴᠠᠨ ᠨᠠᠷᠢᠨ ᠤᠬᠠᠪᠤᠷᠢᠯᠠᠵᠤ ᠰᠤᠷᠤᠯᠴᠠᠯᠭ᠎ᠠ ᠪᠠᠷ ᠠᠵᠢᠯ ᠢᠶᠠᠨ ᠠᠬᠢᠭᠤᠯᠤᠶ᠎ᠠ ᠥᠪᠥᠷ ᠮᠣᠩᠭᠤᠯ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠨᠢᠭᠡᠳᠦᠭᠡᠷ ᠪᠦᠯᠦᠭ ᠭᠤᠣᠯ ᠰᠡᠳᠦᠪᠲᠦ ᠬᠦᠮᠥᠵᠢᠯ ᠢ ᠪᠦᠬᠦ ᠲᠠᠯ᠎ᠠ ᠪᠠᠷ ᠡᠮᠬᠢ ᠳᠠᠷᠠᠭᠠᠯᠠᠯ ᠲᠠᠢ ᠥᠷᠨᠢᠭᠦᠯᠵᠦ ᠡᠬᠢᠯᠡᠪᠡ
ᠪᠦᠬᠦ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠤᠭᠰᠠᠨ ᠠᠴᠠ ᠬᠤᠶᠢᠰᠢ᠂ ᠮᠠᠨ ᠤ ᠣᠷᠣᠨ ᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠨᠢᠭᠡᠳᠦᠭᠡᠷ ᠪᠦᠯᠦᠭ ᠤᠨ ᠰᠠᠯᠠᠭ᠎ᠠ ᠮᠥᠴᠢᠷ᠂ ᠨᠢᠭᠡᠴᠢ ᠨᠦᠭᠦᠳ ᠦᠳᠲᠡᠷ ᠲᠦᠷᠭᠡᠨ ᠬᠥᠳᠡᠯᠦᠯᠴᠡᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨ ᠬᠦ ᠨᠢᠭᠡᠳᠬᠡᠵᠦ᠂ ᠤᠬᠠᠮᠰᠠᠷ ᠠᠴᠠ ᠪᠠᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠨᠠᠷᠢᠨ ᠨᠢᠮᠪᠠᠢ ᠲᠥᠯᠥᠪᠯᠡᠨ ᠪᠠᠶᠢᠷᠢᠯᠠᠭᠤᠯᠤᠭᠠᠳ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠡᠬᠢᠯᠡᠭᠦᠯᠬᠦ ᠶᠢ ᠠᠬᠢᠭᠤᠯᠵᠠᠢ᠃ 4 ᠳ᠋ᠦ᠋ᠭᠡᠷ ᠰᠠᠷ᠎ᠠ ᠶᠢᠨ 19 ᠤ ᠡᠳᠦᠷ ᠪᠣᠯᠲᠠᠯ᠎ᠠ᠂ ᠮᠠᠨ ᠤ ᠣᠷᠣᠨ ᠤ ᠨᠢᠭᠡᠳᠦᠭᠡᠷ ᠪᠦᠯᠦᠭ ᠤᠨ 161 ᠰᠠᠯᠠᠭ᠎ᠠ ᠮᠥᠴᠢᠷ ᠨᠢᠭᠡᠴᠢ ᠭᠤᠣᠯ ᠰᠡᠳᠦᠪᠲᠦ ᠬᠥᠮᠦᠵᠢᠯ ᠢ ᠨᠢᠭᠡᠨᠲᠡ ᠪᠥᠬᠦ ᠲᠠᠯ᠎ᠠ ᠪᠠᠷ ᠡᠬᠢᠯᠡᠭᠦᠯᠵᠦ᠂ ᠡᠮᠬᠢ ᠵᠢᠷᠤᠮ ᠲᠠᠢ ᠥᠷᠨᠢᠭᠦᠯᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠲᠤᠰ ᠤᠳᠠᠭᠠᠨ ᠤ ᠭᠤᠣᠯ ᠰᠡᠳᠦᠪᠲᠦ ᠬᠥᠮᠦᠵᠢᠯ ᠢᠶᠠᠷ ᠲᠣᠬᠢᠶᠠᠯ ᠪᠣᠯᠭᠠᠨ᠂ ᠤᠬᠠᠮᠰᠠᠷ ᠠᠴᠠ ᠪᠠᠨ ᠨᠢᠭᠡ ᠤᠳᠠᠭ᠎ᠠ ᠶᠢᠨ ᠪᠦᠬᠦ ᠲᠠᠯ᠎ᠠ ᠶᠢᠨ ᠭᠦᠨ ᠭᠦᠨᠵᠡᠭᠡᠢ ᠤᠯᠤᠰ ᠲᠦᠷᠦ ᠶᠢᠨ ᠬᠥᠮᠦᠵᠢᠯ᠂ ᠦᠵᠡᠯ ᠰᠠᠨᠠᠭᠠᠨ ᠤ ᠰᠢᠷᠭᠠᠭᠠᠯᠲᠠ᠂ ᠤᠶᠤᠨ ᠰᠠᠨᠠᠭᠠᠨ ᠤ ᠳᠠᠪᠲᠠᠯᠲᠠ ᠶᠢ ᠬᠦᠯᠢᠶᠡᠵᠦ᠂ ᠠᠵᠢᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠪᠦᠯᠬᠦᠮᠳᠡᠨ ᠠᠵᠢᠯᠯᠠᠬᠤ᠂ ᠣᠷᠭᠢᠯᠤᠮ᠎ᠠ ᠰᠡᠳᠬᠢᠯᠭᠡ ᠲᠠᠢ ᠠᠵᠢᠯᠯᠠᠬᠤ᠂ ᠯᠠᠪᠳᠠᠭᠤᠨ ᠪᠠᠲᠤᠲᠠᠢ ᠠᠵᠢᠯᠯᠠᠬᠤ᠂ ᠠᠷᠢᠭᠤᠨ ᠴᠢᠬᠡᠴᠢ ᠪᠠᠷ ᠠᠵᠢᠯᠯᠠᠬᠤ ᠠᠵᠢᠯ ᠤᠨ ᠠᠭᠤᠷ ᠠᠮᠢᠰᠬᠤᠯ ᠢ ᠪᠤᠢ ᠪᠣᠯᠭᠠᠵᠤ᠂ ᠤᠯᠤᠰ ᠲᠦᠷᠦ ᠪᠠᠲᠤ ᠴᠢᠩᠭ᠎ᠠ᠂ ᠲᠤᠬᠠᠶᠢᠯᠠᠭᠰᠠᠨ ᠠᠵᠢᠯ ᠳᠤ ᠪᠠᠨ ᠭᠠᠷᠮᠠᠭᠠᠢ᠂ ᠬᠠᠷᠢᠭᠤᠴᠠᠯᠭ᠎ᠠ ᠪᠠᠲᠤ ᠴᠢᠩᠭ᠎ᠠ᠂ ᠰᠠᠬᠢᠯᠭ᠎ᠠ ᠪᠠᠲᠤ ᠪᠠᠲᠤ ᠴᠢᠩᠭ᠎ᠠ᠂ ᠣᠪᠣᠷ ᠰᠤᠷᠲᠠᠯ ᠪᠠᠲᠤ ᠴᠢᠩᠭ᠎ᠠ ᠪᠠᠷ ᠢᠶᠠᠨ ᠬᠡᠪ ᠳᠠᠭᠤᠷᠢᠶᠠᠯ ᠪᠣᠯᠬᠤ ᠪᠠᠷ ᠴᠢᠷᠮᠠᠶᠢᠵᠤ ᠪᠠᠶᠢᠨ᠎ᠠ᠃ ᠠᠵᠢᠯ ᠤᠨ ᠬᠤᠷᠢᠶ᠎ᠠ ᠶᠢᠨ ᠬᠢᠨ ᠣᠶᠢᠷ᠎ᠠ ᠶᠢᠨ ᠡᠳᠦᠷ ᠤᠳ ᠲᠤ ᠭᠤᠣᠯᠳᠠᠯᠭ᠎ᠠ ᠲᠠᠢ ᠪᠠᠶᠢᠴᠠᠭᠠᠨ ᠰᠤᠳᠤᠯᠬᠤ 4 ᠰᠡᠳᠦᠪ ᠢ ᠤᠷᠢᠳ ᠢᠶᠠᠷ ᠰᠤᠳᠤᠯᠤᠨ ᠲᠣᠭᠲᠠᠭᠠᠵᠤ᠂ ᠠᠵᠢᠯ ᠤᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠭᠦᠳ ᠬᠥᠮᠥᠨ ᠪᠦᠷᠢ ᠲᠦᠷᠦᠭᠦᠯᠡᠨ 1 ᠰᠡᠳᠦᠪ ᠢᠶᠠᠷ ᠪᠠᠶᠢᠴᠠᠭᠠᠨ ᠰᠤᠳᠤᠯᠵᠤ᠂ 8 ᠳ᠋ᠤᠭᠠᠷ ᠰᠠᠷ᠎ᠠ ᠳᠤ ᠨᠢᠭᠡ ᠪᠦᠯᠦᠭ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠨ᠎ᠠ᠃ ᠳᠠᠷᠠᠭᠠᠴᠢ ᠪᠠᠷ ᠪᠠᠰᠠ ᠠᠵᠢᠯ ᠤᠨ ᠳᠤᠮᠳᠠᠬᠢ ᠲᠣᠪᠣᠶᠢᠮ᠎ᠠ ᠪᠡᠷᠬᠡ ᠠᠰᠠᠭᠤᠳᠠᠯ ᠤᠳ ᠲᠤ ᠴᠢᠭᠯᠡᠭᠦᠯᠦᠨ ᠪᠠᠶᠢᠴᠠᠭᠠᠨ ᠰᠤᠳᠤᠯᠬᠤ ᠠᠵᠢᠯ ᠢ ᠦᠷᠭᠦᠯᠵᠢᠯᠡᠨ ᠥᠷᠨᠢᠭᠦᠯᠬᠦ ᠪᠣᠯᠣᠨ᠎ᠠ᠃
ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠣᠶᠢᠷ᠎ᠠ ᠶᠢᠨ ᠡᠳᠦᠷ ᠤᠳ ᠲᠤ 3 ᠤᠳᠠᠭ᠎ᠠ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠵᠤ᠂ 2 ᠤᠳᠠᠭ᠎ᠠ ᠭᠤᠣᠯ ᠳᠤᠭᠤᠶᠢᠯᠠᠩ ᠢ ᠵᠣᠬᠢᠶᠠᠨ ᠪᠠᠶᠢᠭᠤᠯᠵᠤ ᠬᠠᠮᠲᠤ ᠪᠠᠷ ᠰᠤᠷᠤᠯᠴᠠᠨ ᠰᠤᠳᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠭᠤᠣᠯ ᠰᠡᠳᠦᠪᠲᠦ ᠬᠥᠮᠦᠵᠢᠯ ᠤᠨ ᠬᠡᠷᠡᠭᠵᠢᠭᠦᠯᠬᠦ ᠲᠥᠰᠥᠯ ᠢ ᠰᠤᠳᠤᠯᠤᠨ ᠨᠠᠷᠢᠯᠢᠭᠵᠢᠭᠤᠯᠵᠤ᠂ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠵᠠᠢ᠃ 4 ᠳ᠋ᠦ᠋ᠭᠡᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠲᠣᠪᠴᠢᠶ᠎ᠠ ᠶᠢᠨ ᠤᠳᠤᠷᠢᠳᠬᠤ ᠪᠠᠭ ᠤᠨ ᠭᠡᠰᠢᠭᠦᠳ ᠲᠣᠰ ᠲᠣᠰ ᠪᠦᠯᠬᠦᠮ ᠳᠠᠭᠠᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠳᠣᠷᠣᠭᠰᠢ ᠪᠠᠭᠤᠵᠤ ᠰᠤᠷᠪᠤᠯᠵᠢᠯᠠᠯ ᠢ ᠭᠥᠯᠢᠶᠡᠨ ᠠᠪᠤᠭᠰᠠᠨ ᠪᠠ ᠪᠠᠶᠢᠴᠠᠭᠠᠨ ᠰᠤᠳᠤᠯᠵᠠᠢ᠃ 《ᠰᠢᠮᠳᠠᠭᠤᠯᠤᠨ ᠪᠠᠶᠢᠴᠠᠭᠠᠯᠲᠠ ᠵᠠᠬᠢᠳᠠᠯ ᠰᠤᠷᠪᠤᠯᠵᠢᠯᠠᠯ ᠪᠠᠶᠢᠴᠠᠭᠠᠨ ᠰᠤᠳᠤᠯᠤᠯᠲᠠ》 ᠭᠤᠷᠪᠠᠨ ᠶᠡᠭᠡ ᠠᠵᠢᠯᠯᠠᠭ᠎ᠠ ᠲᠠᠢ ᠤᠶᠠᠯᠳᠤᠭᠤᠯᠵᠤ᠂ ᠠᠷᠠᠳ ᠤᠨ ᠪᠠᠶᠢᠳᠠᠯ ᠢ ᠭᠦᠨᠵᠡᠭᠡᠢ ᠣᠶᠢᠯᠠᠭᠠᠵᠤ᠂ ᠠᠷᠠᠳ ᠤᠨ ᠵᠣᠪᠠᠨᠢᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠴᠢᠩ ᠰᠡᠳᠬᠢᠯ ᠠᠴᠠ ᠪᠠᠨ ᠠᠷᠠᠳ ᠲᠤ ᠠᠰᠢᠭ ᠬᠦᠷᠲᠡᠭᠡᠵᠦ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠠᠵᠢᠯ ᠢᠶᠠᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠭᠠᠨ ᠦᠨᠡᠨ ᠬᠦ ᠤᠯᠠᠷᠢᠯᠠᠭᠤᠯᠤᠨᠠ᠃ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠬᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠬᠡᠷᠡᠭᠵᠢᠭᠦᠯᠬᠦ᠂ ᠵᠠᠬᠢᠳᠠᠯ ᠰᠤᠷᠪᠤᠯᠵᠢᠯᠠᠯ ᠤᠨ ᠲᠣᠪᠣᠶᠢᠮ᠎ᠠ ᠠᠰᠠᠭᠤᠳᠠᠯ ᠳᠤ ᠪᠣᠭᠤᠮᠲᠠ ᠰᠢᠪᠲᠤᠯᠤᠯᠲᠠ ᠬᠢᠬᠦ ᠪᠠ ᠵᠠᠬᠢᠳᠠᠯ ᠰᠤᠷᠪᠤᠯᠵᠢᠯᠠᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ ᠦᠷ᠎ᠡ ᠪᠦᠲᠦᠮᠵᠢ ᠪᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠰᠢᠯᠭᠠᠨ ᠪᠠᠶᠢᠴᠠᠭᠠᠨ᠎ᠠ ᠭᠡᠵᠦ ᠤᠯᠠᠨ ᠢᠶᠠᠷ ᠢᠶᠠᠨ ᠢᠯᠡᠳᠬᠡᠵᠡᠭᠡᠪᠡ᠃
《ᠪᠢᠳᠠ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠬᠤ ᠪᠠᠷ ᠳᠠᠮᠵᠢᠭᠤᠯᠵᠤ᠂ ᠪᠦᠬᠦ ᠪᠠᠶᠢᠴᠠᠭᠠᠬᠤ ᠠᠵᠢᠯᠲᠠᠳ ᠤᠨ ᠰᠤᠷᠤᠯᠴᠠᠯᠭ᠎ᠠ ᠶᠢ ᠨᠢᠭᠡ ᠵᠦᠢᠯ ᠤᠨ ᠠᠮᠢᠳᠤᠷᠠᠯ ᠤᠨ ᠣᠪᠣᠷ᠂ ᠨᠢᠭᠡ ᠵᠦᠢᠯ ᠤᠨ ᠠᠵᠢᠯ ᠤᠨ ᠬᠠᠷᠢᠭᠤᠴᠠᠯᠭ᠎ᠠ᠂ ᠨᠢᠭᠡ ᠵᠦᠢᠯ ᠤᠨ ᠤᠶᠤᠨ ᠰᠠᠨᠠᠭᠠᠨ ᠤ ᠬᠥᠭᠡᠭᠡᠴᠡᠯᠳᠦᠯ ᠪᠣᠯᠭᠠᠬᠤ ᠬᠡᠷᠡᠭᠲᠡᠢ᠃ ᠬᠤᠶᠢᠰᠢᠳᠠ ᠤᠭ ᠵᠣᠬᠢᠶᠠᠯ ᠢ ᠤᠩᠰᠢᠬᠤ᠂ ᠤᠭ ᠵᠣᠬᠢᠶᠠᠯ ᠢ ᠰᠤᠷᠬᠤ᠂ ᠤᠭ ᠶᠣᠰᠣ ᠶᠢ ᠣᠶᠢᠯᠠᠭᠠᠬᠤ ᠪᠠᠷ ᠳᠠᠮᠵᠢᠭᠤᠯᠤᠨ᠂ ᠪᠠᠶᠢᠴᠠᠭᠠᠬᠤ ᠠᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ︿ᠲᠠᠪᠤᠨ ᠶᠡᠭᠡ ᠡᠭᠦᠷᠭᠡ﹀ ᠪᠠ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠠᠶᠢᠭᠤᠯᠬᠤ ᠬᠤᠶᠠᠷ ᠶᠡᠭᠡ ᠶᠠᠪᠤᠳᠠᠯ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠲᠣᠭᠲᠠᠭᠠᠭᠰᠠᠨ ᠪᠠᠶᠢᠴᠠᠭᠠᠨ ᠰᠤᠳᠤᠯᠬᠤ ᠰᠡᠳᠦᠪ ᠤᠨ ᠲᠣᠭᠤᠷᠢᠨ ᠳᠤ ᠪᠠᠶᠢᠴᠠᠭᠠᠨ ᠰᠤᠳᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂︿ᠪᠠᠶᠢᠴᠠᠭᠠᠬᠤ﹀︿ᠰᠤᠳᠤᠯᠬᠤ﹀︿ᠬᠡᠷᠡᠭᠯᠡᠬᠦ﹀ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠂ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠭᠰᠠᠨ ᠦᠷ᠎ᠡ ᠪᠦᠲᠦᠭᠡᠯ ᠢᠶᠠᠨ ᠪᠠᠶᠢᠴᠠᠭᠠᠬᠤ ᠠᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠶᠢ ᠠᠬᠢᠭᠤᠯᠬᠤ ᠰᠡᠳᠬᠢᠴᠡ ᠪᠠ ᠠᠷᠭ᠎ᠠ ᠵᠠᠮ ᠪᠣᠯᠭᠠᠨ ᠬᠤᠪᠢᠷᠠᠭᠤᠯᠬᠤ ᠪᠠᠷ ᠴᠢᠷᠮᠠᠶᠢᠨ᠎ᠠ᠃ ᠪᠦᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠳᠦᠷᠢᠮ ᠳᠤ ᠨᠡᠶᠢᠴᠡᠬᠦ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ᠂ ᠬᠢᠯᠢ ᠳᠠᠭᠠᠤ ᠬᠢᠯᠢ ᠶᠢᠨ ᠪᠣᠭᠤᠮᠲᠠ ᠶᠢᠨ ᠪᠠᠶᠢᠴᠠᠭᠠᠬᠤ ᠠᠵᠢᠯ ᠤᠨ ᠨᠢᠭᠡᠳᠦᠯᠲᠡᠢ ᠠᠵᠢᠯᠯᠠᠭ᠎ᠠ ᠪᠠ ᠬᠦᠨᠳᠦ ᠬᠥᠩᠭᠡᠨ ᠢ ᠬᠤᠣᠰᠯᠠᠭᠤᠯᠤᠨ ᠶᠡᠭᠡ ᠲᠠᠯ᠎ᠠ ᠶᠢᠨ ᠠᠮᠤᠷ ᠲᠣᠭᠲᠠᠭᠤᠨ ᠢ ᠬᠠᠮᠠᠭᠠᠯᠠᠬᠤ᠂ ᠪᠠᠶᠢᠴᠠᠭᠠᠬᠤ ᠠᠵᠢᠯ ᠢ ᠪᠣᠳᠠᠲᠠᠢ ᠬᠢᠵᠦ ᠠᠷᠠᠳ ᠲᠦᠮᠡᠨ ᠳᠤ ᠦᠢᠯᠡᠴᠢᠯᠡᠬᠦ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ》ᠭᠡᠵᠦ ᠥᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠲᠤᠰᠬᠠᠢ ᠲᠤᠰᠢᠶᠠᠯᠲᠤ ᠳᠡᠳ᠋ ᠱᠦᠵᠢ ᠭᠦᠸᠧ ᠵᠢᠶᠠᠨ ᠹᠧᠢ ᠬᠡᠯᠡᠵᠡᠢ᠃
ᠡᠯ᠎ᠡ ᠰᠠᠯᠠᠭ᠎ᠠ ᠮᠥᠴᠢᠷ ᠨᠢᠭᠡᠴᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠠᠷᠠᠯᠲᠠ ᠡᠭᠦᠷᠭᠡ ᠳᠤ ᠳᠡᠭᠡᠳᠦ ᠬᠡᠮᠵᠢᠶ᠎ᠡ ᠪᠠᠷ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠴᠢᠷᠮᠠᠶᠢᠨ ᠪᠣᠳᠠᠲᠠᠢ ᠠᠳᠬᠤᠵᠤ᠂ ᠭᠤᠣᠯ ᠰᠡᠳᠦᠪᠲᠦ ᠬᠥᠮᠦᠵᠢᠯ ᠤᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠬᠦ ᠶᠢ ᠠᠬᠢᠭᠤᠯᠵᠤ ᠪᠠᠶᠢᠨ᠎ᠠ᠃ ᠭᠤᠣᠯ ᠰᠡᠳᠦᠪᠲᠦ ᠬᠥᠮᠦᠵᠢᠯ ᠤᠨ ᠭᠦᠨᠵᠡᠭᠡᠢ ᠥᠷᠨᠢᠬᠦ ᠶᠢ ᠳᠠᠭᠠᠯᠳᠤᠨ᠂ ᠥᠷᠭᠡᠨ ᠤᠯᠠᠨ ᠨᠠᠮ ᠤᠨ ᠭᠡᠰᠢᠭᠦᠳ᠂ ᠺᠠᠳ᠋ᠷᠴᠤᠳ ᠯᠠᠪᠳᠠᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠠᠴᠠ ᠴᠥᠬᠦᠷᠡᠰᠢ ᠦᠭᠡᠢ ᠲᠡᠮᠡᠴᠡᠬᠦ ᠬᠥᠳᠡᠯᠭᠡᠭᠦ ᠬᠦᠴᠦᠨ ᠢ ᠣᠯᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠰᠦᠷ ᠳᠠᠯᠠᠶᠢᠴᠠᠲᠠᠢ ᠠᠤᠭ᠎ᠠ ᠬᠦᠴᠦᠨ ᠢ ᠨᠢᠭᠲᠠᠷᠠᠭᠤᠯᠬᠤ ᠪᠣᠯᠣᠨ᠎ᠠ᠃