ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
4 ᠵᠦᠢᠯ ᠤᠨ ᠰᠡᠳᠬᠢᠴᠡ ᠶᠢ ᠡᠷᠡᠰ ᠲᠡᠪᠴᠢᠵᠦ 5 ᠲᠥᠷᠥᠯ ᠤᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠎ᠡ ᠸᠠᠩ ᠯᠢ ᠰᠢᠶᠠ ᠪᠦᠭᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠷ ᠂ 2023 4 ᠳ᠋ᠦ᠋ᠭᠡᠷ ᠰᠠᠷ᠎ᠠ ᠶᠢᠨ 22 ᠤᠨ ᠡᠳᠦᠷ ᠂ ᠸᠠᠩ ᠯᠢ ᠰᠢᠶᠠ ᠪᠦᠭᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠢ ᠡᠷᠭᠢᠯᠡᠨ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠴᠣᠬᠤᠯᠠᠪᠤᠷᠢ ᠶᠢ ᠤᠯᠠᠮᠵᠢᠯᠠᠨ ᠰᠤᠷᠤᠯᠴᠠᠵᠤ ᠂ ᠪᠦᠭᠦ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠧᠯᠸᠢᠰ ᠤᠲᠠᠰᠤᠲᠤ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠂ ᠪᠦᠭᠦ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠤᠯᠠᠮ ᠴᠢᠨᠠᠭᠰᠢᠳᠠ ᠪᠠᠶᠢᠷᠢᠯᠠᠭᠤᠯᠪᠠ ᠃
ᠸᠠᠩ ᠯᠢ ᠰᠢᠶᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠠᠳᠡᠯ ᠠᠴᠠ ᠭᠦᠨᠵᠡᠭᠡᠢ ᠰᠤᠷᠭᠠᠮᠵᠢ ᠠᠪᠴᠤ ᠂ ᠠᠶᠤᠯ ᠲᠦᠭᠰᠢᠭᠦᠷᠢ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢᠶᠠᠨ ᠴᠢᠨᠠᠭᠰᠢᠳᠠ ᠳᠡᠭᠡᠭᠰᠢᠯᠡᠭᠦᠯᠵᠦ ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠭᠦ ᠬᠦᠷᠢᠶ᠎ᠡ ᠂ ᠪᠦᠭᠦ ᠲᠠᠯ᠎ᠠ ᠂ ᠪᠦᠭᠦ ᠭᠤᠭᠴᠤᠭ᠎ᠠ ᠳᠤ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠃ ᠠᠳᠡᠯ ᠮᠢᠨᠤ ᠪᠡᠶ᠎ᠡ ᠳᠡᠭᠡᠷ᠎ᠡ ᠡᠭᠦᠰᠬᠦ ᠦᠭᠡᠢ ᠭᠡᠬᠦ ᠠᠵᠠ ᠬᠠᠷᠠᠬᠤ ᠪᠤᠳᠤᠯ ᠢ ᠡᠷᠡᠰ ᠲᠡᠪᠴᠢᠵᠦ ᠂ ᠪᠠᠶᠢᠴᠠᠭᠠᠬᠤ ᠶᠢᠨ ᠲᠥᠯᠥᠭᠡ ᠪᠠᠶᠢᠴᠠᠭᠠᠬᠤ ᠂ ᠴᠡᠭᠴᠡᠯᠡᠨ ᠰᠠᠶᠢᠵᠢᠷᠠᠭᠤᠯᠬᠤ ᠶᠢᠨ ᠲᠥᠯᠥᠭᠡ ᠴᠡᠭᠴᠡᠯᠡᠨ ᠰᠠᠶᠢᠵᠢᠷᠠᠭᠤᠯᠬᠤ ᠠᠷᠭᠠᠴᠠᠬᠤ ᠪᠤᠳᠤᠯ ᠢ ᠡᠷᠡᠰ ᠲᠡᠪᠴᠢᠵᠦ ᠂ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠪᠠᠯ ᠪᠣᠯᠴᠢᠬᠠᠬᠤ ᠂ ᠤᠤᠯ ᠨᠢ ᠶᠠᠭᠠᠬᠢᠵᠤ ᠪᠠᠶᠢᠭᠰᠠᠨ ᠪᠣᠯ ᠲᠡᠷᠡ ᠬᠡᠪ ᠢᠶᠠᠷ ᠨᠢ ᠪᠠᠶᠢᠯᠭᠠᠬᠤ ᠪᠣᠭᠤᠮᠲᠠ ᠳᠠᠪᠠᠬᠤ ᠰᠡᠳᠬᠢᠴᠡ ᠶᠢ ᠡᠷᠡᠰ ᠲᠡᠪᠴᠢᠵᠦ ᠂ ᠠᠮᠤᠷ ᠲᠦᠪᠰᠢᠨ ᠤ ᠪᠠᠷᠢᠮᠵᠢᠶ᠎ᠠ ᠶᠢ ᠶᠡᠷᠦᠮᠳᠡᠭᠴᠢᠯᠡᠬᠦ ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠶᠡᠷᠦᠮᠳᠡᠭᠴᠢᠯᠡᠬᠦ ᠨᠠᠵᠠᠭᠠᠢ ᠪᠤᠳᠤᠯ ᠢ ᠡᠷᠡᠰ ᠲᠡᠪᠴᠢᠵᠦ ᠂ ᠠᠮᠢ ᠨᠠᠰᠤ ᠶᠢ ᠳᠡᠭᠡᠳᠦᠯᠡᠬᠦ ᠰᠡᠳᠬᠢᠯᠭᠡ ᠂ ᠠᠷᠠᠳ ᠲᠦᠮᠡᠨ ᠳᠤ ᠬᠠᠷᠢᠭᠤᠴᠠᠬᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠢ ᠴᠠᠭ ᠢᠮᠠᠭᠲᠠ ᠰᠡᠳᠬᠢᠯ ᠳᠡᠭᠡᠨ ᠪᠤᠳᠤᠵᠤ ᠂ ᠴᠢᠩᠭ᠎ᠠ ᠠᠳᠬᠤᠬᠤ ᠬᠡᠷᠡᠭᠲᠡᠢ ᠭᠡᠪᠡ ᠃
ᠸᠠᠩ ᠯᠢ ᠰᠢᠶᠠ ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠶᠢ ᠪᠣᠳᠠᠲᠠᠶᠢᠵᠢᠭᠤᠯᠤᠭᠰᠠᠨ ᠦᠭᠡᠢ ᠂ ᠴᠡᠭᠴᠡᠯᠡᠨ ᠰᠠᠶᠢᠵᠢᠷᠠᠭᠤᠯᠤᠭᠰᠠᠨ ᠶᠠᠰᠤ ᠴᠢᠨᠠᠷ ᠥᠨᠳᠥᠷ ᠪᠢᠰᠢ ᠂ ᠪᠣᠯᠪᠠᠰᠤᠷᠠᠯ ᠰᠣᠷᠢᠯᠲᠠ ᠪᠣᠳᠠᠲᠠᠢ ᠪᠢᠰᠢ ᠂ ᠠᠮᠤᠷ ᠲᠦᠪᠰᠢᠨ ᠤ ᠪᠠᠷᠢᠮᠵᠢᠶ᠎ᠠ ᠥᠨᠳᠥᠷ ᠪᠢᠰᠢ ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠵᠡᠷᠭᠡ 5 ᠲᠦᠷᠦᠯ ᠤᠨ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠣᠨᠳᠣᠣ ᠭᠠᠵᠠᠷ ᠲᠤ ᠬᠠᠤᠯᠢ ᠬᠡᠷᠡᠭᠵᠢᠭᠦᠯᠬᠦ ᠂ ᠲᠤᠬᠠᠢ ᠶᠢᠨ ᠲᠠᠯᠠᠪᠠᠢ ᠳᠤ ᠬᠠᠷᠭᠤᠭᠤᠯᠤᠨ ᠪᠠᠶᠢᠴᠠᠭᠠᠬᠤ ᠂ ᠲᠤᠰᠬᠠᠢ ᠮᠡᠷᠭᠡᠵᠢᠯᠲᠡᠨ ᠬᠠᠮᠲᠤᠷᠠᠨ ᠣᠨᠣᠰᠢᠯᠠᠬᠤ ᠵᠡᠷᠭᠡ ᠬᠡᠯᠪᠡᠷᠢ ᠶᠢ ᠠᠪᠴᠤ ᠂ ᠨᠢᠭᠡ ᠨᠢᠭᠡ ᠡᠷᠦᠭᠡ ᠪᠠᠷ 《 ᠰᠢᠭᠰᠢᠨ ᠪᠠᠶᠢᠴᠠᠭᠠᠵᠤ 》᠂ ᠨᠢᠭᠡ ᠨᠢᠭᠡ ᠳᠦᠷᠦᠯ ᠢᠶᠠᠷ 《ᠲᠠᠩᠰᠠ ᠠᠴᠠ ᠲᠠᠶᠢᠯᠬᠤ》ᠬᠡᠷᠡᠭᠲᠡᠢ ᠃ ᠣᠳᠣᠬᠠᠨ ᠳᠤ 4 ᠶᠠᠪᠤᠳᠠᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ ᠂ ᠨᠢᠭᠡ ᠳᠤ ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠂ ᠬᠤᠶᠠᠷ ᠲᠤ ᠂ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠭᠠᠯ ᠤᠨ ᠠᠶᠤᠯ ᠤᠨ ᠳᠠᠯᠳᠠ ᠭᠡᠮ ᠢ ᠲᠦᠷᠭᠡᠳᠬᠡᠨ ᠵᠢᠭᠰᠠᠭᠠᠨ ᠪᠠᠶᠢᠴᠠᠭᠠᠬᠤ ᠬᠡᠷᠡᠭᠲᠡᠢ ᠂ ᠭᠤᠷᠪᠠ ᠳᠤ ᠂ ᠦᠯᠡᠳᠡᠭᠳᠡᠯ ᠠᠭᠤᠷᠬᠠᠢ ᠬᠥᠮᠥᠷᠭᠡ ᠶᠢᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠬᠡᠷᠡᠭᠲᠡᠢ ᠂ ᠳᠥᠷᠪᠡ ᠳᠤ ᠂ ᠦᠶᠡᠷ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠪᠦᠭᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ ᠃ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠭᠤᠣᠯ ᠰᠡᠳᠦᠪᠲᠦ ᠬᠥᠮᠦᠵᠢᠯ ᠤᠨ ᠪᠠᠶᠢᠴᠠᠭᠠᠨ ᠰᠤᠳᠤᠯᠤᠯᠲᠠ ᠬᠢᠬᠦ ᠶᠢ ᠤᠶᠠᠯᠳᠤᠭᠤᠯᠵᠤ ᠂ ᠠᠰᠠᠭᠤᠳᠠᠯ ᠢ ᠦᠨᠡᠨ ᠬᠦ ᠪᠠᠶᠢᠴᠠᠭᠠᠵᠤ ᠂ ᠴᠡᠭᠴᠡᠯᠡᠨ ᠰᠠᠶᠢᠵᠢᠷᠠᠭᠤᠯᠬᠤ ᠶᠢ ᠠᠩᠬᠠᠷᠴᠤ ᠂ ᠠᠵᠢᠯ ᠤᠨ ᠪᠠᠶᠢᠷᠢ ᠭᠦᠷᠳᠡᠯ᠎ᠡ ᠨᠠᠶᠢᠳᠠᠪᠤᠷᠢᠵᠢᠭᠤᠯᠵᠤ ᠂ ᠬᠥᠮᠥᠨ ᠳᠤ ᠭᠦᠷᠳᠡᠯ᠎ᠡ ᠨᠠᠶᠢᠳᠠᠪᠤᠷᠢᠵᠢᠭᠤᠯᠵᠤ ᠂ ᠪᠠᠷᠢᠮᠵᠢᠶ᠎ᠠ ᠶᠢ ᠳᠡᠭᠡᠭᠰᠢᠯᠡᠭᠦᠯᠵᠦ ᠂ ᠬᠡᠪ ᠳᠠᠭᠤᠷᠢᠶᠠᠯ ᠢ ᠪᠤᠶ ᠪᠣᠯᠭᠠᠵᠤ ᠂ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ ᠱᠠᠯᠠᠪᠳᠠᠭᠤᠯᠬᠤ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠸᠠᠩ ᡁᠢ ᠴᠢᠶᠠᠩ ᠂ ᠵᠧᠩ ᠭᠤᠸᠠᠩ ᠵᠤᠤ ᠬᠤᠷᠠᠯ ᠳᠤ ᠣᠷᠣᠯᠴᠠᠵᠠᠢ ᠃