ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠳᠤᠮᠳᠠᠳᠤ ᠣᠷᠣᠰ ᠪᠣᠯᠣᠨ ᠳᠤᠮᠳᠠᠳᠤ ᠮᠣᠩᠭᠤᠯ ᠤᠨ ᠬᠢᠯᠢ ᠳᠠᠭᠠᠤ ᠲᠠᠯ᠎ᠠ ᠨᠤᠲᠤᠭ ᠤᠨ ᠲᠦᠢᠮᠡᠷ ᠤᠨ ᠢᠯᠡ ᠭᠠᠯ ᠢ ᠠᠮᠵᠢᠯᠲᠠ ᠲᠠᠢ ᠪᠠᠷ ᠤᠨᠲᠠᠷᠠᠭᠠᠪᠠ
2023 4 ᠳ᠋ᠦ᠋ᠭᠡᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠤᠨ ᠵᠢᠯᠤᠭᠤᠳᠬᠤ ᠭᠠᠵᠠᠷ ᠤᠨ ᠠᠯᠪᠠᠨ ᠭᠡᠷ ᠠᠴᠠ ᠣᠶᠢᠯᠠᠭᠠᠭᠰᠠᠨ ᠢᠶᠠᠷ ᠂ 4 ᠳ᠋ᠦ᠋ᠭᠡᠷ ᠰᠠᠷ᠎ᠠ ᠶᠢᠨ 20 ᠤ ᠡᠳᠦᠷ ᠤᠨ ᠦᠳᠡ ᠶᠢᠨ ᠬᠤᠶᠢᠨ᠎ᠠ᠂ ᠮᠣᠩᠭᠤᠯ ᠤᠯᠤᠰ ᠪᠣᠯᠣᠨ ᠣᠷᠣᠰ ᠤᠨ ᠬᠢᠯᠢ ᠳᠣᠲᠣᠷ᠎ᠠ ᠲᠣᠰ ᠲᠣᠰ ᠨᠤᠲᠤᠭ ᠪᠡᠯᠴᠢᠭᠡᠷ ᠤᠨ ᠲᠦᠢᠮᠡᠷ ᠭᠠᠷᠤᠭᠰᠠᠨ ᠪᠥᠭᠡᠳ ᠮᠠᠨ ᠤ ᠤᠯᠤᠰ ᠤᠨ ᠬᠢᠯᠢ ᠬᠢᠵᠠᠭᠠᠷ ᠣᠷᠣᠨ ᠳᠤ ᠤᠯᠠᠮ ᠢᠶᠠᠷ ᠣᠶᠢᠷᠠᠲᠤᠭᠰᠠᠭᠠᠷ ᠯᠡ ᠪᠠᠶᠢᠪᠠ ᠃ ᠲᠦᠢᠮᠡᠷ ᠤᠨ ᠪᠠᠶᠢᠳᠠᠯ ᠢ ᠲᠤᠰᠴᠤ ᠣᠯᠣᠭᠰᠠᠨ ᠤ ᠲᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠶᠡᠷᠦᠩᠬᠡᠢ ᠠᠩᠭᠢ ᠶᠢᠨ ᠬᠥᠯᠥᠨ ᠪᠤᠶᠢᠷ ᠬᠤᠳᠠ ᠶᠢᠨ ᠰᠠᠯᠪᠤᠷᠢ ᠠᠩᠭᠢ ᠶᠢᠨ ᠬᠢᠨ ᠲᠡᠷᠡ ᠳᠠᠷᠤᠢ ᠳᠤ ᠨᠢ 300 ᠭᠠᠷᠤᠢ ᠵᠢᠯᠣᠭᠤᠳᠤᠭᠴᠢ ᠪᠠᠶᠢᠯᠳᠤᠭᠴᠢ ᠂ 50 ᠭᠠᠷᠤᠢ ᠰᠠᠭᠤᠷᠢ ᠡᠯ᠎ᠡ ᠲᠥᠷᠥᠯ ᠤᠨ ᠠᠪᠤᠷᠠᠨ ᠲᠤᠰᠠᠯᠠᠬᠤ ᠮᠠᠰᠢᠨ ᠲᠡᠷᠭᠡ ᠲᠣᠮᠢᠯᠠᠵᠤ ᠂ ᠬᠤᠶᠠᠷ ᠵᠠᠮ ᠬᠤᠪᠢᠶᠠᠨ ᠲᠤᠬᠠᠢ ᠶᠢᠨ ᠲᠠᠯᠠᠪᠤᠷ ᠲᠤ ᠬᠦᠷᠴᠦ ᠠᠪᠤᠷᠠᠨ ᠲᠤᠰᠠᠯᠠᠪᠠ ᠃ 21 ᠤ ᠡᠳᠦᠷ ᠤᠨ 0 ᠴᠠᠭ 10 ᠪᠣᠯᠲᠠᠯ᠎ᠠ᠂ ᠤᠯᠠᠨ ᠲᠠᠯ᠎ᠠ ᠶᠢᠨ ᠬᠢᠨ ᠤ ᠪᠦᠬᠦ ᠬᠦᠴᠦ ᠪᠠᠷ ᠢᠶᠠᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠷ ᠳᠠᠮᠵᠢᠨ ᠂ ᠳᠤᠮᠳᠠᠳᠤ ᠣᠷᠣᠰ ᠪᠣᠯᠣᠨ ᠳᠤᠮᠳᠠᠳᠤ ᠮᠣᠩᠭᠤᠯ ᠤᠨ ᠬᠢᠯᠢ ᠳᠠᠭᠠᠤ ᠶᠢᠨ ᠢᠯᠡ ᠭᠠᠯ ᠢ ᠠᠮᠵᠢᠯᠲᠠ ᠲᠠᠢ ᠪᠠᠷ ᠤᠨᠲᠠᠷᠠᠭᠠᠭᠰᠠᠨ ᠪᠠᠶᠢᠨ᠎ᠠ᠃
ᠣᠶᠢᠯᠠᠭᠠᠭᠰᠠᠨ ᠢᠶᠠᠷ᠂ ᠲᠣᠰ ᠤᠳᠠᠭᠠᠨ ᠤ ᠳᠤᠮᠳᠠᠳᠤ ᠣᠷᠣᠰ ᠪᠣᠯᠣᠨ ᠳᠤᠮᠳᠠᠳᠤ ᠮᠣᠩᠭᠤᠯ ᠤᠨ ᠬᠢᠯᠢ ᠳᠠᠭᠠᠤ ᠲᠠᠯ᠎ᠠ ᠨᠤᠲᠤᠭ ᠤᠨ ᠲᠦᠢᠮᠡᠷ ᠢ ᠬᠠᠰᠢᠵᠤ ᠤᠨᠲᠠᠷᠠᠭᠠᠬᠤ ᠶᠠᠪᠤᠴᠠ ᠳᠤ᠂ ᠮᠠᠨ ᠤ ᠣᠷᠣᠨ ᠤ ᠣᠶ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠠᠩᠭᠢ ᠶᠢᠨ ᠬᠢᠨ ᠨᠡᠶᠢᠲᠡ 6 ᠺᠢᠯᠣᠮᠧᠲᠷ ᠬᠢᠯᠢ ᠶᠢᠨ ᠱᠤᠭᠤᠮ ᠳᠠᠭᠠᠤ ᠶᠢᠨ ᠢᠯᠡ ᠭᠠᠯ ᠢ ᠤᠨᠲᠠᠷᠠᠭᠠᠨ᠂ 70 ᠭᠠᠷᠤᠢ ᠤᠲᠤᠭᠠᠲᠤ ᠴᠡᠭ ᠢ ᠴᠡᠪᠡᠷᠯᠡᠵᠦ᠂ ᠨᠡᠶᠢᠲᠡ 200 ᠺᠢᠯᠣᠮᠧᠲᠷ ᠣᠷᠳᠣ ᠬᠡᠰᠡᠭ ᠢ ᠲᠣᠭᠤᠷᠢᠨ ᠬᠠᠮᠠᠭᠠᠯᠠᠵᠤ᠂ ᠡᠯ᠎ᠡ ᠰᠠᠯᠠᠭ᠎ᠠ ᠮᠥᠴᠢᠷ ᠤᠨ ᠬᠢᠨ ᠨᠡᠶᠢᠲᠡ 800 ᠢᠯᠡᠭᠦᠦ ᠬᠥᠮᠥᠨ᠂ 150 ᠭᠠᠷᠤᠢ ᠲᠡᠷᠭᠡ ᠭᠠᠯ ᠤᠨᠲᠠᠷᠠᠭᠠᠬᠤ ᠠᠵᠢᠯᠯᠠᠭ᠎ᠠ ᠳᠤ ᠣᠷᠣᠯᠴᠠᠭᠰᠠᠨ ᠪᠠᠶᠢᠨ᠎ᠠ᠃ 21 ᠤ ᠡᠳᠦᠷ ᠤᠨ 9 ᠴᠠᠭ ᠪᠣᠯᠲᠠᠯ᠎ᠠ᠂ ᠣᠷᠣᠨ ᠨᠤᠲᠤᠭ ᠤᠨ ᠭᠠᠯ ᠰᠡᠷᠭᠡᠶᠢᠯᠡᠨ ᠤᠨᠲᠠᠷᠠᠭᠠᠬᠤ ᠠᠩᠭᠢ ᠶᠢᠨ ᠬᠢᠨ ᠳᠤᠮᠳᠠᠳᠤ ᠣᠷᠣᠰ ᠪᠣᠯᠣᠨ ᠳᠤᠮᠳᠠᠳᠤ ᠮᠣᠩᠭᠤᠯ ᠤᠨ ᠬᠢᠯᠢ ᠳᠠᠭᠠᠤ ᠣᠷᠣᠨ ᠢ ᠮᠥᠷᠳᠡᠨ ᠴᠡᠪᠡᠷᠯᠡᠵᠦ᠂ ᠣᠶ ᠰᠢᠭᠤᠢ ᠶᠢᠨ ᠭᠠᠯ ᠰᠡᠷᠭᠡᠶᠢᠯᠡᠨ ᠤᠨᠲᠠᠷᠠᠭᠠᠬᠤ ᠡᠩᠨᠡᠭᠡ ᠶᠢᠨ ᠬᠢᠨ ᠭᠠᠯ ᠤᠨ ᠠᠶᠤᠯ ᠤᠨ ᠭᠤᠣᠯᠳᠠᠯᠭ᠎ᠠ ᠲᠠᠢ ᠪᠠᠶᠢᠷᠢᠨ ᠳᠤ ᠲᠥᠪᠯᠡᠷᠡᠭᠦᠯᠦᠨ ᠪᠠᠶᠢᠷᠢᠯᠠᠭᠤᠯᠵᠤ᠂ ᠤᠶᠠᠨ ᠬᠠᠳᠠᠨ ᠲᠣᠭᠤᠷᠢᠨ ᠬᠠᠮᠠᠭᠠᠯᠠᠯᠲᠠ ᠥᠷᠨᠢᠭᠦᠯᠦᠨ᠂ ᠬᠢᠯᠢ ᠳᠠᠮᠵᠢᠨ ᠣᠷᠣᠵᠤ ᠢᠷᠡᠬᠦ ᠲᠦᠢᠮᠡᠷ ᠢ ᠪᠦᠬᠦ ᠬᠦᠴᠦᠨ ᠢᠶᠠᠷ ᠢᠶᠠᠨ ᠬᠠᠰᠢᠨ ᠰᠡᠷᠭᠡᠶᠢᠯᠡᠵᠦ ᠂ ᠲᠠᠬᠢᠨ ᠲᠦᠢᠮᠡᠷ ᠭᠠᠷᠬᠤ ᠦᠭᠡᠢ ᠪᠠᠶᠢᠬᠤ ᠶᠢ ᠪᠠᠲᠤᠯᠠᠪᠠ᠃