ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠡᠷᠲᠡᠭᠡᠨ ᠵᠠᠰᠠᠬᠤ ᠣᠷᠣᠨ 2023 ᠣᠨ ᠤ ᠠᠩᠬᠠᠳᠤᠭᠠᠷ ᠬᠤᠭᠤᠴᠠᠭᠠᠨ ᠤ ᠴᠠᠭ ᠤᠨ ᠪᠠᠶᠢᠳᠠᠯ ᠪᠠ ᠲᠦᠷᠦ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ ᠬᠤᠸᠠᠩ ᡁᠢ ᠴᠢᠶᠠᠩ ᠲᠤᠰᠬᠠᠢ ᠰᠡᠳᠦᠪᠲᠦ ᠬᠠᠪᠰᠤᠷᠤᠨ ᠵᠢᠯᠤᠭᠤᠳᠬᠤ ᠮᠡᠳᠡᠭᠦᠯᠦᠯᠲᠡ ᠬᠢᠵᠡᠢ
2023 4 ᠳ᠋ᠦ᠋ᠭᠡᠷ ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ 2023 ᠣᠨ ᠤ ᠠᠩᠬᠠᠳᠤᠭᠠᠷ ᠬᠤᠭᠤᠴᠠᠭᠠᠨ ᠤ ᠴᠠᠭ ᠤᠨ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠮᠡᠳᠡᠭᠦᠯᠦᠯᠲᠡ ᠶᠢᠨ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ 2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠠᠶᠢᠯᠤᠮᠵᠢ ᠬᠢᠬᠦ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ᠃
ᠬᠤᠸᠠᠩ ᡁᠢ ᠴᠢᠶᠠᠩ ᠬᠡᠯᠡᠬᠦ ᠳᠤ ᠪᠠᠨ ᠂ 2023 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯ ᠰᠠᠨᠠᠭ᠎ᠠ ᠨᠢ ᠭᠦᠨᠵᠡᠭᠡᠢ ᠂ ᠪᠦᠲᠦᠴᠡ ᠨᠢ ᠰᠢᠨ᠎ᠡ ᠂ ᠠᠭᠤᠯᠭ᠎ᠠ ᠨᠢ ᠪᠣᠳᠠᠲᠠᠢ ᠂ ᠬᠡᠪ ᠨᠠᠮᠪᠠᠭ᠎ᠠ ᠨᠢ ᠥᠪᠡᠷᠮᠢᠴᠡ ᠪᠠᠶᠢᠵᠤ ᠂ ᠥᠩᠭᠡᠷᠡᠭᠰᠡᠨ ᠲᠠᠪᠤᠨ ᠵᠢᠯ ᠳᠤ ᠣᠯᠣᠭᠰᠠᠨ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠡᠷᠭᠢᠴᠡᠭᠦᠯᠦᠭᠰᠡᠨ ᠢᠶᠠᠷ ᠪᠠᠷᠠᠬᠤ ᠦᠭᠡᠢ ᠨᠢᠳᠤᠨᠤᠨ ᠤ ᠥᠷᠨᠢᠭᠦᠯᠦᠭᠰᠡᠨ ᠰᠢᠨ᠎ᠡ ᠶᠢ ᠡᠭᠦᠳᠬᠦ ᠴᠢᠨᠠᠷᠲᠠᠢ ᠠᠵᠢᠯ ᠢ ᠲᠤᠪᠤᠶᠢᠯᠭᠠᠵᠦ ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠶᠡᠷᠦᠩᠬᠡᠢ ᠵᠢᠷᠤᠮᠯᠠᠯ ᠪᠠ ᠵᠣᠷᠢᠯᠲᠠ ᠪᠣᠯᠬᠤ ᠪᠠᠷ ᠪᠠᠷᠠᠬᠤ ᠦᠭᠡᠢ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢᠨ ᠪᠢᠴᠢᠭ ᠪᠠᠶᠢᠵᠤ ᠂ ᠬᠥᠮᠥᠰ ᠤᠨ ᠣᠶᠣᠨ ᠰᠡᠳᠬᠢᠯ ᠢ ᠨᠢᠭᠲᠠᠷᠠᠭᠤᠯᠤᠨ ᠂ ᠢᠲᠡᠭᠡᠯ ᠵᠣᠷᠢᠭ ᠢ ᠬᠥᠪᠴᠢᠯᠡᠵᠦ ᠂ ᠠᠷᠠᠳ ᠤᠨ ᠰᠡᠳᠬᠢᠯ ᠢ ᠳᠤᠯᠠᠭᠠᠴᠠᠭᠤᠯᠤᠭᠰᠠᠨ ᠰᠠᠶᠢᠨ ᠮᠡᠳᠡᠭᠦᠯᠦᠯᠲᠡ ᠪᠣᠯᠣᠨ᠎ᠠ ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠂ ᠢᠯᠡᠳᠬᠡᠯ ᠳᠤ ᠳᠤᠷᠠᠳᠤᠭᠰᠠᠨ ᠬᠠᠷᠠᠯᠲᠠ ᠡᠭᠦᠷᠭᠡ ᠶᠢᠨ ᠶᠣᠰᠣᠭᠠᠷ ᠂ ᠬᠦᠴᠦᠯᠡᠨ ᠴᠢᠷᠮᠠᠶᠢᠬᠤ ᠡᠷᠴᠢ ᠵᠣᠷᠢᠭ ᠂ ᠴᠠᠭ ᠢ ᠠᠮᠵᠢᠬᠤ ᠬᠦᠭ ᠠᠶᠢᠵᠠᠮ ᠢᠶᠠᠷ ᠤᠷᠤᠭᠰᠢᠯᠠᠨ ᠳᠠᠪᠰᠢᠵᠤ ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠡᠢ ᠃
ᠬᠤᠷᠠᠯ ᠨᠢ ᠸᠢᠳᠢᠤ᠋ ᠬᠡᠯᠪᠡᠷᠢ ᠪᠠᠷ ᠡᠯ᠎ᠡ ᠠᠶᠢᠮᠠᠭ ᠬᠤᠲᠠ ᠬᠦᠷᠲᠡᠯ᠎ᠡ ᠶᠠᠪᠤᠭᠳᠠᠪᠠ ᠃