ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠪᠠ ᠸᠠᠩ ᠯᠢ ᠰᠢᠶᠠ ᠬᠤᠷᠠᠯ ᠢ ᠡᠷᠭᠢᠯᠡᠪᠡ
2023 4 ᠳ᠋ᠦ᠋ᠭᠡᠷ ᠰᠠᠷ᠎ᠠ ᠶᠢᠨ 19 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠪᠠ ᠃
ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠠᠶᠢᠮᠠᠭ ᠬᠤᠲᠠ ᠶᠢᠨ ᠵᠠᠰᠠᠭ ᠤᠨ ᠣᠷᠳᠣᠨ︵ᠵᠠᠬᠢᠷᠭ᠎ᠠ︶ ᠤ ᠭᠤᠣᠯ ᠬᠠᠷᠢᠭᠤᠴᠠᠯᠭᠠᠲᠠᠨ ᠨᠥᠬᠦᠳ ᠰᠢᠭᠤᠳ ᠭᠤᠣᠯ ᠰᠡᠳᠦᠪ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠦ ᠂ ᠠᠰᠠᠭᠤᠳᠠᠯ ᠢ ᠶᠠᠷᠢᠵᠤ ᠂ ᠠᠷᠭᠠᠴᠠᠬᠤ ᠪᠣᠳᠣᠯᠭ᠎ᠠ ᠳᠤᠷᠠᠳᠪᠠ ᠃ ᠬᠤᠸᠠᠩ ᡁᠢ ᠴᠢᠶᠠᠩ ᠂ ᠴᠢ᠊ ᠪᠠᠲᠤ ᠂ ᠵᠧᠩ ᠭᠤᠸᠠᠩ ᠵᠣᠣ ᠂ ᠶᠣᠣ ᠶᠦᠩ ᠪᠦᠸᠧ ᠂ ᠳᠠᠶᠢᠴᠢᠨ ᠂ ᠶᠠᠩ ᠶᠢᠨ ᠵᠠᠳᠠᠯᠤᠯᠲᠠ ᠪᠠ ᠪᠠᠶᠢᠷᠢᠯᠠᠭᠤᠯᠤᠯᠲᠠ ᠬᠢᠵᠡᠢ ᠃
ᠬᠤᠷᠠᠯ ᠠᠴᠠ ᠂ ᠡᠨᠡ ᠵᠢᠯ ᠠᠴᠠ ᠨᠠᠭᠠᠰᠢ ᠣᠷᠣᠨ ᠳᠠᠶᠠᠭᠠᠷ ᠢᠶᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ ᠂ 《 ᠬᠤᠶᠠᠷ ᠶᠡᠭᠡ ᠶᠠᠪᠤᠳᠠᠯ 》 ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠦᠨᠡᠨ ᠬᠦ ᠠᠳᠬᠤᠨ ᠪᠣᠳᠠᠲᠠᠢ ᠠᠵᠢᠯᠯᠠᠵᠤ ᠂ ᠴᠢᠩᠭ᠎ᠠ ᠠᠳᠬᠤᠨ ᠲᠦᠷᠭᠡᠨ ᠭᠦᠢᠴᠡᠳᠬᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠲᠥᠪᠯᠡᠷᠡᠭᠦᠯᠦᠨ ᠬᠦᠴᠦᠯᠡᠵᠦ ᠂ ᠠᠵᠤ ᠠᠬᠤᠢ ᠶᠢᠨ ᠬᠥᠭᠵᠢᠯᠲᠡ ᠰᠠᠭᠤᠷᠢ ᠲᠤᠭ᠎ᠠ ᠥᠨᠳᠥᠷ ᠪᠠᠶᠢᠭ᠎ᠠ ᠪᠠᠶᠢᠳᠠᠯ ᠳᠣᠣᠷ᠎ᠠ 《ᠰᠠᠶᠢᠨ ᠡᠬᠢᠯᠡᠯᠲᠡ》 ᠲᠠᠢ ᠪᠣᠯᠬᠤ ᠶᠢ ᠠᠬᠢᠭᠤᠯᠪᠠ ᠭᠡᠵᠦ ᠵᠢᠭᠠᠵᠤ ᠭᠠᠷᠭᠠᠪᠠ ᠃
ᠬᠤᠷᠠᠯ ᠠᠴᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠳᠬᠤᠵᠤ ᠂ ᠴᠥᠬᠦᠷᠡᠰᠢ ᠦᠭᠡᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ ᠂ ᠦᠵᠡᠯ ᠰᠠᠨᠠᠭ᠎ᠠ ᠶᠢ ᠰᠤᠷᠤᠯᠴᠠᠵᠤ ᠂ ᠨᠠᠮᠴᠢ ᠴᠢᠨᠠᠷ ᠢᠶᠠᠨ ᠴᠢᠩᠭᠠᠳᠬᠠᠵᠤ ᠂ ᠦᠢᠯᠡᠳᠦᠯᠭᠡ ᠶᠢ ᠴᠢᠬᠤᠯᠠᠴᠢᠯᠠᠵᠤ ᠂ ᠰᠢᠨ᠎ᠡ ᠭᠠᠪᠢᠶ᠎ᠠ ᠪᠠᠶᠢᠭᠤᠯᠵᠤ ᠂ 《ᠲᠠᠪᠤᠨ ᠶᠡᠭᠡ ᠡᠭᠦᠷᠭᠡ》 ᠳᠤ ᠠᠩᠬᠠᠷᠤᠯ ᠢᠶᠠᠨ ᠲᠥᠪᠯᠡᠷᠡᠭᠦᠯᠵᠦ ᠂ ᠡᠨᠡ ᠵᠢᠯ ᠤᠨ ᠡᠭᠦᠷᠭᠡ ᠶᠢ ᠪᠠᠲᠤ ᠡᠵᠡᠮᠳᠡᠵᠦ ᠂ ᠯᠠᠪᠳᠠᠭᠤᠨ ᠡᠬᠢᠯᠡᠭᠦᠯᠦᠨ ᠠᠮᠵᠢᠯᠲᠠ ᠲᠠᠢ ᠠᠬᠢᠭᠤᠯᠬᠤ ᠢᠲᠡᠭᠡᠯ ᠵᠣᠷᠢᠭ ᠢᠶᠠᠨ ᠴᠢᠩᠭᠠᠳᠬᠠᠵᠤ ᠂ ᠬᠠᠭᠠᠰ ᠵᠢᠯ ᠤᠨ ᠠᠮᠵᠢᠯᠲᠠ ᠪᠦᠲᠦᠮᠵᠢ ᠶᠢ ᠪᠠᠲᠤ ᠡᠵᠡᠮᠳᠡᠵᠦ ᠂ ᠪᠦᠭᠦ ᠵᠢᠯ ᠤᠨ ᠰᠢᠢᠳᠪᠦᠷᠢᠲᠦ ᠢᠯᠠᠯᠲᠠ ᠶᠢ ᠲᠡᠮᠡᠴᠡᠨ ᠣᠯᠵᠤ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠭᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ ᠃ ᠠᠵᠤ ᠦᠢᠯᠡᠰ ᠤᠨ ᠲᠥᠯᠦᠪᠵᠢᠭᠦᠯᠭᠡ ᠶᠢ ᠠᠳᠬᠤᠵᠤ ᠂ 8 ᠶᠡᠭᠡ ᠠᠵᠤ ᠦᠢᠯᠡᠰ ᠤᠨ ᠪᠦᠯᠦᠭᠵᠢᠯ ᠪᠣᠯᠣᠨ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠶᠢ ᠲᠦᠷᠭᠡᠳᠬᠡᠬᠦ ᠬᠡᠷᠡᠭᠲᠡᠢ ᠃ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠳᠬᠤᠵᠤ ᠂ ᠡᠨᠡ ᠵᠢᠯ ᠤᠨ ᠲᠥᠯᠥᠪᠯᠡᠭᠰᠡᠨ ᠲᠥᠷᠥᠯ ᠵᠦᠢᠯ ᠢ ᠳᠡᠭᠡᠷ᠎ᠡ ᠬᠠᠭᠠᠰ ᠵᠢᠯ ᠳᠤ ᠪᠦᠭᠦᠨ ᠢ ᠡᠬᠢᠯᠡᠭᠦᠯᠬᠦ ᠪᠠᠷ ᠴᠢᠷᠮᠠᠶᠢᠵᠤ ᠂ ᠨᠠᠩ ᠣᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠬᠦ ᠬᠡᠷᠡᠭᠲᠡᠢ ᠃ ᠭᠠᠶᠢᠯᠢ ᠶᠢᠨ ᠢᠷᠡᠯᠲᠡ ᠶᠢ ᠪᠤᠢ ᠪᠣᠯᠭᠠᠬᠤ ᠶᠢ ᠠᠳᠬᠤᠵᠤ ᠂ ᠨᠡᠩ ᠤᠯᠠᠨ ᠭᠠᠶᠢᠯᠢ ᠲᠤᠰᠢᠶᠠᠬᠤ ᠭᠤᠣᠯ ᠴᠣᠭᠴᠠ ᠶᠢ ᠪᠣᠶᠢᠵᠢᠭᠤᠯᠵᠤ ᠂ 《ᠭᠤᠭᠤᠵᠢᠵᠤ ᠭᠡᠭᠡᠭᠳᠡᠬᠦ 》 ᠠᠴᠠ ᠰᠡᠷᠭᠡᠶᠢᠯᠡᠬᠦ ᠬᠡᠷᠡᠭᠲᠡᠢ ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠳᠬᠤᠵᠤ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ ᠂ ᠠᠷᠠᠳ ᠡᠴᠡ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠲᠠᠰᠤᠷᠠᠯᠳᠠ ᠦᠭᠡᠢ ᠰᠢᠯᠢᠳᠡᠭᠵᠢᠭᠦᠯᠬᠦ ᠬᠡᠷᠡᠭᠲᠡᠢ ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠠᠳᠬᠤᠵᠤ ᠂ ᠨᠢᠭᠡᠨᠲᠡ ᠲᠣᠭᠲᠠᠭᠠᠭᠰᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠨᠢᠭᠡᠳ ᠨᠢᠭᠡ ᠪᠠᠷ ᠰᠠᠶᠢᠲᠤᠷ ᠠᠳᠬᠤᠵᠤ ᠂ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠥᠬᠦᠷᠡᠰᠢ ᠦᠭᠡᠢ ᠴᠢᠩᠭᠠᠳᠬᠠᠬᠤ ᠬᠡᠷᠡᠭᠲᠡᠢ ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠳᠬᠤᠵᠤ ᠂ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠪᠣᠳᠠᠲᠤ ᠶᠠᠪᠤᠳᠠᠯ ᠢ ᠰᠠᠶᠢᠲᠤᠷ ᠬᠢᠵᠦ ᠂ ᠠᠷᠠᠯᠵᠢᠶᠠᠴᠢᠨ ᠤᠷᠢᠬᠤ ᠪᠠ ᠠᠵᠢᠯ ᠣᠯᠭᠤᠬᠤ ᠠᠵᠢᠯ ᠢ ᠨᠢᠭᠡ ᠴᠣᠭᠴᠠᠵᠢᠭᠤᠯᠤᠨ ᠲᠥᠯᠥᠪᠵᠢᠭᠦᠯᠵᠦ ᠂ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠬᠥᠮᠥᠰ ᠲᠤ ᠬᠦᠷᠲᠡᠭᠡᠬᠦ ᠬᠡᠷᠡᠭᠲᠡᠢ ᠃ ᠠᠮᠤᠷ ᠲᠦᠪᠰᠢᠨ ᠬᠥᠭᠵᠢᠯᠲᠡ ᠶᠢ ᠠᠳᠬᠤᠵᠤ ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ ᠂ ᠨᠢᠭᠡᠨᠲᠡ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ 《ᠡᠷᠭᠢᠨ ᠬᠠᠷᠠᠬᠤ》ᠠᠵᠢᠯᠯᠠᠭ᠎ᠠ ᠥᠷᠨᠢᠭᠦᠯᠵᠦ ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠃ ᠡᠯ᠎ᠡ ᠠᠶᠢᠮᠠᠭ ᠬᠤᠲᠠ ᠶᠢᠨ ᠬᠠᠪᠰᠤᠷᠤᠨ ᠰᠢᠢᠳᠪᠦᠷᠢᠯᠡᠭᠦᠯᠬᠦ ᠪᠠᠷ ᠳᠡᠪᠰᠢᠭᠦᠯᠦᠭᠰᠡᠨ ᠵᠦᠢᠯᠡᠰ ᠲᠤ ᠢᠳᠡᠪᠬᠢᠲᠡᠢ ᠬᠠᠷᠢᠭᠤᠯᠲᠠ ᠥᠭᠴᠦ ᠂ ᠠᠷᠭ᠎ᠠ ᠬᠡᠮᠵᠢᠶ᠎ᠡ ᠠᠪᠴᠤ ᠂ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠵᠠᠢ ᠃