ᠵᠤᠬᠢᠶᠠᠭᠴᠢ:
ᠴᠠᠭ:2023-04-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠤᠷᠤᠯᠴᠠᠯᠭ᠎ᠠ ᠶᠢ ᠰᠡᠳᠬᠢᠯ ᠵᠢᠷᠦᠬᠡᠨ ᠳᠤ ᠪᠠᠨ ᠬᠠᠳᠠᠩᠰᠢᠭᠤᠯᠵᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠶ᠎ᠠ ᠮᠠᠨ ᠤ ᠣᠷᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠢᠷᠢᠰ ᠰᠢᠭᠤᠳ ᠨᠡᠪᠲᠡᠷᠡᠭᠦᠯᠭᠡ ᠶᠢᠨ ᠬᠢᠴᠢᠶᠡᠯ ᠲᠣᠬᠢᠷᠠᠭᠤᠯᠪᠠ
ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠶᠢᠨ ᠲᠤᠰᠠᠳᠠ ᠂ ᠥᠪᠥᠷ ᠮᠣᠩᠭᠤᠯ ᠤᠨ ᠺᠠᠳ᠋ᠷᠴᠤᠳ ᠤᠨ ᠰᠦᠯᠵᠢᠶᠡᠨ ᠤ ᠳᠡᠭᠡᠳᠦ ᠰᠤᠷᠭᠠᠭᠤᠯᠢ ᠶᠢᠨ《ᠤᠮᠠᠷᠠᠲᠤ ᠶᠢᠨ ᠡᠭᠦᠯᠡᠨ ᠬᠢᠴᠢᠶᠡᠯ ᠤᠨ ᠲᠠᠩᠬᠢᠮ》 ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠰᠢᠷᠢᠰ ᠰᠢᠭᠤᠳ ᠨᠡᠪᠲᠡᠷᠡᠭᠦᠯᠭᠡ ᠶᠢᠨ ᠬᠢᠴᠢᠶᠡᠯ ᠲᠣᠬᠢᠷᠠᠭᠤᠯᠪᠠ᠃ 4 ᠳ᠋ᠦ᠋ᠭᠡᠷ ᠰᠠᠷ᠎ᠠ ᠶᠢᠨ 13 ᠤ ᠡᠳᠦᠷ ᠤᠨ ᠰᠢᠭᠤᠳ ᠨᠡᠪᠲᠡᠷᠡᠭᠦᠯᠭᠡ ᠶᠢᠨ ᠬᠢᠴᠢᠶᠡᠯ ᠳᠡᠭᠡᠷ᠎ᠡ ᠂ ᠲᠥᠪ ᠤᠨ ᠨᠠᠮ ᠤᠨ ᠰᠤᠷᠭᠠᠭᠤᠯᠢ ᠶᠢᠨ ᠳᠡᠳ᠋ ᠰᠤᠷᠭᠠᠨ ᠬᠥᠮᠦᠵᠢᠯ ᠤᠨ ᠳᠠᠷᠤᠭ᠎ᠠ ᠂ ᠭᠦᠨ ᠤᠬᠠᠭᠠᠨ ᠤ ᠬᠡᠯᠲᠡᠰ ᠤᠨ ᠡᠷᠬᠢᠯᠡᠭᠴᠢ ᠂ ᠨᠢᠭᠡᠳᠦᠭᠡᠷ ᠳᠡᠰ ᠤᠨ ᠫᠷᠣᠹᠧᠰᠰᠣᠷ ᠬᠠᠨ ᠴᠢᠩ ᠰᠢᠶᠠᠩ 《ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠶᠢᠷᠲᠢᠨᠴᠦ ᠶᠢᠨ ᠦᠵᠡᠯᠲᠡ ᠠᠷᠭ᠎ᠠ ᠶᠢᠨ ᠤᠨᠤᠯ 》ᠭᠡᠬᠦ ᠰᠡᠳᠦᠪ ᠢᠶᠠᠷ ᠠᠮᠢᠳᠤᠯᠢᠭ ᠪᠥᠭᠡᠳ ᠭᠦᠨᠵᠡᠭᠡᠢ ᠬᠠᠪᠰᠤᠷᠤᠨ ᠵᠢᠯᠤᠭᠤᠳᠴᠤ ᠂ ᠪᠦᠬᠦ ᠣᠷᠣᠨ ᠤ ᠠᠩᠬᠠᠳᠠᠭᠴᠢ ᠪᠦᠯᠦᠭ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ 161 ᠰᠠᠯᠠᠭ᠎ᠠ ᠮᠥᠴᠢᠷ ᠨᠢᠭᠡᠴᠢ ᠠᠴᠠ ᠨᠠᠮ ᠤᠨ ᠭᠡᠰᠢᠭᠦᠨ ᠺᠠᠳ᠋ᠷᠴᠤᠳ ᠢᠶᠠᠨ ᠵᠣᠬᠢᠶᠠᠨ ᠪᠠᠶᠢᠭᠤᠯᠵᠤ ᠰᠦᠯᠵᠢᠶᠡᠨ ᠳᠡᠭᠡᠷᠡᠬᠢ ᠬᠠᠪᠰᠤᠷᠤᠨ ᠵᠢᠯᠣᠭᠤᠳᠤᠯᠭ᠎ᠠ ᠶᠢ ᠬᠦᠯᠢᠶᠡᠨ ᠠᠪᠴᠤ ᠰᠣᠨᠣᠰᠴᠠᠢ ᠃
ᠬᠠᠨ ᠴᠢᠩ ᠰᠢᠶᠠᠩ ᠫᠷᠣᠹᠧᠰᠰᠣᠷ ᠣᠨᠣᠯ ᠪᠠ ᠦᠢᠯᠡᠳᠦᠯᠭᠡ ᠲᠠᠢ ᠤᠶᠠᠯᠳᠤᠭᠤᠯᠤᠨ ᠂ 《ᠵᠢᠷᠭᠤᠭ᠎ᠠ ᠶᠢ ᠡᠷᠬᠡᠪᠰᠢ ᠪᠠᠷᠢᠮᠲᠠᠯᠠᠬᠤ 》 ᠲᠤᠬᠠᠢ ᠭᠦᠨᠵᠡᠭᠡᠢ ᠲᠠᠶᠢᠯᠤᠮᠵᠢ ᠬᠢᠵᠦ ᠂ 《ᠠᠩᠬ᠎ᠠ ᠤᠳᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠤᠬᠠᠢ ᠲᠠᠨᠢᠯᠲᠠ ᠶᠢ ᠭᠦᠨ ᠤᠬᠠᠭᠠᠨ ᠤ ᠲᠦᠪᠰᠢᠨ ᠳᠤ ᠬᠦᠷᠭᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠦᠨ ᠤᠬᠠᠭᠠᠨ ᠤ ᠰᠢᠨ᠎ᠡ ᠠᠬᠤᠢ ᠪᠠᠶᠢᠳᠠᠯ ᠢ ᠨᠡᠭᠡᠭᠡᠪᠠ 》《ᠠᠩᠬ᠎ᠠ ᠤᠳᠠᠭ᠎ᠠ ︿ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ﹀ ᠢᠶᠠᠷ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠳᠤ ᠠᠭᠤᠯᠤᠭᠳᠠᠵᠤ ᠪᠠᠶᠢᠭ᠎ᠠ ᠣᠭᠢ ᠲᠠᠯᠠᠰᠲᠤ ᠪᠠ ᠴᠢᠬᠤᠯᠠ ᠠᠭᠤᠯᠭ᠎ᠠ ᠶᠢ ᠠᠭᠰᠢᠭᠠᠨ ᠬᠤᠷᠢᠶᠠᠩᠭᠤᠶᠢᠯᠠᠪᠠ 》᠂ 《ᠠᠩᠬ᠎ᠠ ᠤᠳᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠡᠭᠦᠳᠦᠯᠲᠡ ᠶᠢ ᠪᠠᠭᠲᠠᠭᠠᠭᠰᠠᠨ ᠤᠨᠤᠯ ᠤᠨ ᠰᠢᠨ᠎ᠡ ᠡᠭᠦᠳᠦᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ ᠂ ᠰᠡᠳᠬᠢᠮᠵᠢ ᠪᠠ ᠪᠦᠳᠦᠭᠦᠪᠴᠢ ᠲᠥᠰᠥᠪ ᠭᠠᠷᠭᠠᠵᠤ ᠥᠭᠪᠡ》ᠭᠡᠬᠦ ᠭᠤᠷᠪᠠᠨ ᠲᠠᠯ᠎ᠠ ᠠᠴᠠ ᠨᠠᠮ ᠤᠨ ᠭᠡᠰᠢᠭᠦᠨ ᠺᠠᠳ᠋ᠷᠴᠤᠳ ᠲᠤ ᠭᠦᠨᠵᠡᠭᠡᠢ ᠪᠥᠭᠡᠳ ᠰᠢᠰᠲ᠋ᠧᠮ ᠲᠠᠢ ᠪᠠᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠪᠡ ᠃
ᠬᠠᠪᠰᠤᠷᠤᠨ ᠵᠢᠯᠣᠭᠤᠳᠤᠯᠭ᠎ᠠ ᠶᠢ ᠰᠣᠨᠣᠰᠤᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠰᠤᠳᠤᠯᠬᠤ ᠭᠡᠷ ᠤᠨ ᠳᠡᠳ᠋ ᠡᠷᠬᠢᠯᠡᠭᠴᠢ ᠸᠠᠩ ᠴᠧᠩ ᠪᠢᠨ ᠶᠡᠬᠡᠳᠡ ᠤᠷᠮ᠎ᠠ ᠵᠣᠷᠢᠭ ᠣᠷᠣᠭᠰᠠᠨ ᠪᠠᠶᠢᠨ᠎ᠠ ᠃ ᠲᠡᠭᠦᠨ ᠤ ᠦᠵᠡᠬᠦ ᠪᠠᠷ ᠂ ᠦᠨᠳᠦᠰᠦᠲᠡᠨ ᠤ ᠰᠡᠷᠭᠦᠨ ᠮᠠᠨᠳᠤᠯᠲᠠ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠮᠣᠷᠳᠠᠬᠤ ᠳᠤ ᠂ ᠤᠨᠤᠯ ᠤᠨ ᠭᠡᠷᠡᠯ ᠭᠢᠯᠪᠠᠭ᠎ᠠ ᠪᠠᠷ ᠤᠷᠤᠭᠰᠢᠯᠠᠯᠲᠠ ᠶᠢᠨ ᠵᠠᠮ ᠢ ᠭᠡᠷᠡᠯᠳᠦᠬᠦᠯᠵᠦ ᠂ ᠦᠵᠡᠯ ᠰᠠᠨᠠᠭᠠᠨ ᠤ ᠲᠤᠭ ᠲᠡᠮᠳᠡᠭ ᠢᠶᠠᠷ ᠲᠡᠷᠢᠭᠦᠯᠡᠬᠦ ᠬᠥᠭᠵᠢᠯᠲᠡ ᠶᠢ ᠬᠥᠲᠥᠯᠥᠨ ᠵᠢᠯᠣᠭᠤᠳᠤᠭᠤᠯᠬᠤ ᠶᠢ ᠪᠠᠷᠢᠮᠲᠠᠯᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠣᠭᠢ ᠲᠠᠯᠠᠰᠲᠤ ᠪᠣᠯᠣᠨ ᠠᠮᠢᠨ ᠰᠦᠨᠡᠰᠦ ᠶᠢ ᠪᠦᠬᠦ ᠲᠠᠯ᠎ᠠ ᠪᠠᠷ ᠣᠨᠣᠪᠴᠢᠲᠠᠢ ᠡᠵᠡᠮᠳᠡᠵᠦ ᠂ ᠦᠨᠡᠨ ᠬᠦ ᠣᠶᠣᠨ ᠰᠠᠨᠠᠭ᠎ᠠ ᠪᠠᠨ ᠵᠡᠪᠰᠡᠭᠯᠡᠵᠦ ᠂ ᠦᠢᠯᠡᠳᠦᠯᠭᠡ ᠪᠠᠨ ᠵᠢᠯᠣᠭᠤᠳᠤᠭᠤᠯᠵᠤ ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠡᠢ ᠃
ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠪᠣᠯᠪᠠᠰᠤᠷᠠᠯ ᠳᠤ ᠣᠷᠣᠯᠴᠠᠭᠰᠠᠨ ᠺᠠᠳ᠋ᠷᠴᠤᠳ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠢᠲᠡᠭᠡᠯ ᠬᠦᠰᠡᠯᠡᠩ ᠢᠶᠠᠨ ᠪᠠᠲᠤᠳᠬᠠᠵᠤ᠂ ᠨᠠᠮᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠪᠠᠨ ᠵᠢᠯᠣᠭᠤᠳᠤᠭᠤᠯᠬᠤ ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠤᠯᠠᠷᠢᠭᠤᠯᠬᠤ ᠬᠡᠷᠡᠭᠲᠡᠢ ᠃ ᠪᠠᠶᠢᠴᠠᠭᠠᠨ ᠰᠤᠳᠤᠯᠤᠯᠲᠠ ᠶᠢ ᠰᠠᠶᠢᠲᠤᠷ ᠬᠢᠵᠦ ᠂ ᠦᠨᠳᠦᠰᠦᠨ ᠱᠠᠲᠤ ᠪᠣᠯᠣᠨ ᠠᠵᠤ ᠠᠬᠤᠶᠢᠯᠠᠯ ᠳᠤ ᠦᠨᠡᠨ ᠪᠣᠳᠠᠲᠠᠢ ᠠᠵᠢᠯ ᠬᠢᠵᠦ ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠤ ᠦᠢᠯᠡᠳᠪᠦᠷᠢ ᠪᠣᠯᠣᠨ ᠮᠡᠳᠡᠭᠡ ᠵᠠᠩᠭᠢᠴᠢᠯᠠᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠰᠠᠨᠠᠯ ᠨᠢᠭᠡᠲᠡᠢ ᠦᠵᠡᠵᠡᠭᠡᠪᠡ ᠃
《ᠬᠠᠨ ᠫᠷᠣᠹᠧᠰᠰᠣᠷ ᠤᠨ ᠬᠠᠪᠰᠤᠷᠤᠨ ᠵᠢᠯᠣᠭᠤᠳᠤᠯᠭ᠎ᠠ ᠶᠢ ᠰᠣᠨᠣᠰᠤᠭᠠᠳ ᠭᠦᠨᠵᠡᠭᠡᠢ ᠰᠡᠩᠬᠡᠷᠡᠭᠦᠯᠦᠯ ᠣᠯᠪᠠ᠂ ᠪᠢᠳᠡ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠤᠨ ᠦᠢᠯᠡᠳᠦᠯᠭᠡ ᠪᠣᠯᠭᠠᠨ ᠤᠯᠠᠷᠢᠭᠤᠯᠵᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠪᠠᠲᠤᠯᠠᠵᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ︿ᠳᠡᠭᠡᠳᠦ ᠬᠢᠵᠠᠭᠠᠷ﹀ ᠢ ᠬᠦᠴᠦᠯᠡᠨ ᠳᠡᠭᠡᠭᠰᠢᠯᠡᠭᠦᠯᠵᠦ ᠂ ᠪᠣᠳᠠᠲᠤ ᠠᠵᠢᠯᠯᠠᠭ᠎ᠠ ᠪᠠᠷ ᠢᠶᠠᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠤᠨ᠎ᠠ 》ᠭᠡᠵᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠲᠢᠩᠬᠢᠮ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠬᠢᠨᠠᠨ ᠬᠠᠮᠢᠶᠠᠷᠬᠤ ᠭᠠᠵᠠᠷ ᠤᠨ ᠳᠡᠳ᠋ ᠳᠠᠷᠤᠭ᠎ᠠ ᠯᠢᠦ ᠵᠢᠶᠠ ᠴᠢᠩ ᠬᠡᠯᠡᠪᠡ᠃
ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠰᠢᠤᠸᠠᠢ ᠵᠢᠩ ᠢᠯᠡᠷᠬᠡᠶᠢᠯᠡᠬᠦ ᠳᠤ ᠪᠠᠨ ᠂ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠣᠨ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠬᠤ ᠂ ᠪᠦᠬᠦ ᠲᠠᠯ᠎ᠠ ᠪᠠᠷ ᠡᠵᠡᠮᠰᠢᠬᠦ ᠪᠠ ᠪᠦᠬᠦ ᠲᠠᠯ᠎ᠠ ᠪᠠᠷ ᠲᠠᠯ᠎ᠠ ᠪᠠᠷ ᠬᠦᠴᠦ ᠲᠠᠯᠪᠢᠵᠤ ᠂ ᠲᠤᠬᠠᠶᠢᠯᠠᠭᠰᠠᠨ ᠠᠵᠢᠯ ᠤᠨ ᠪᠠᠶᠢᠷᠢ ᠳᠤ ᠪᠠᠨ ᠰᠠᠭᠤᠷᠢᠯᠠᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠣᠯᠣᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ ᠃
ᠣᠳᠣᠬᠠᠨ ᠳᠤ ᠂ ᠰᠢᠷᠢᠰ ᠰᠢᠭᠤᠳ ᠨᠡᠪᠲᠡᠷᠡᠭᠦᠯᠭᠡ ᠶᠢᠨ ᠬᠢᠴᠢᠶᠡᠯ ᠢ ᠨᠢᠭᠡᠨᠲᠡ ᠬᠤᠶᠠᠷ ᠬᠤᠭᠤᠴᠠᠭ᠎ᠠ ᠶᠠᠪᠤᠭᠳᠠᠭᠤᠯᠤᠭᠰᠠᠨ ᠪᠠᠶᠢᠨ᠎ᠠ ᠃